ᠪᠤᠷᠤᠳᠤᠯᠤᠭᠠᠢ ᠨᠡᠶᠢᠭᠡᠮ ᠲᠣᠭᠤᠷᠢᠭ ᠨᠢ ᠤᠯᠤᠰ ᠤᠨ ᠪᠠᠶᠠᠷ ᠤᠨ ᠨᠥᠬᠦᠷᠯᠡᠯ ᠤᠨ ᠦᠳᠡᠰᠢᠯᠡᠭᠡ ᠡᠷᠬᠢᠯᠡᠪᠡ
ᠨᠡᠶᠢᠲᠡᠯᠡᠭᠰᠡᠨ ᠴᠠᠭ᠄
2024/10/8
   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠳᠤ ᠵᠣᠷᠢᠭᠤᠯᠤᠨ᠂ 9 ᠰᠠᠷ᠎ᠠ ᠶᠢᠨ 29᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠪᠤᠷᠤᠳᠤᠯᠤᠭᠠᠢ ᠨᠡᠶᠢᠭᠡᠮ ᠲᠣᠭᠤᠷᠢᠭ ᠨᠢ  ᠬᠠᠮᠲᠤ ᠪᠠᠷ ᠴᠤᠭᠴᠠᠯᠠᠬᠤ ᠨᠢᠭᠡᠴᠡ ᠵᠢᠴᠢ ᠬᠠᠷᠢᠶ᠎ᠠ ᠣᠷᠣᠨ ᠤ ᠰᠠᠭᠤᠭᠠᠯᠢ ᠠᠷᠠᠳ ᠲᠠᠢ ᠬᠠᠮᠲᠤ ᠪᠠᠷ ᠤᠯᠤᠰ ᠤᠨ ᠪᠠᠶᠠᠷ ᠢ ᠪᠡᠯᠭᠡᠯᠡᠬᠦ ᠨᠥᠬᠦᠷᠯᠡᠯ ᠤᠨ ᠦᠳᠡᠰᠢᠯᠡᠭᠡ ᠡᠷᠭᠢᠯᠡᠪᠡ᠃    ᠦᠳᠡᠰᠢᠯᠡᠭᠡ ᠎ ᠨᠢ ︽ᠦᠵᠡᠰᠭᠦᠯᠡᠭᠲᠦ ᠰᠠᠶᠢᠬᠠᠨ ᠦᠵᠦᠮᠦᠴᠢᠨ ᠨᠤᠲᠤᠭ︾ ᠭᠡᠭᠦ ᠤᠶᠠᠩᠭᠠᠲᠦ ᠲᠠᠭᠤᠨ ᠤ ᠲᠤᠮᠳᠠ ᠬᠦᠰᠢᠭᠡ ᠪᠠᠨ ᠰᠡᠭᠦᠵᠦ᠂ ᠪᠥᠵᠢᠭ᠂ ᠰᠢᠯᠦᠭ᠂ ᠮᠤᠷᠢᠨ ᠬᠤᠭᠤᠷ ᠤᠨ ᠭᠤᠴᠣᠯᠠᠯ ᠬᠥᠭᠵᠢᠮ᠂ ᠦᠵᠡᠭᠳᠡᠯᠲᠦ ᠵᠦᠴᠦᠭᠡ ᠵᠡᠷᠭᠡ  ᠭᠤᠴᠣ ᠰᠠᠶᠢᠬᠠᠨ ᠲᠤᠭᠯᠠᠯᠳᠠ ᠨᠤᠭᠤᠳ ᠠᠷᠤ ᠠᠷᠤ ᠠᠴᠠ ᠪᠠᠨ ᠶᠠᠪᠣᠭᠳᠠᠨ᠂ ᠤᠯᠠᠨ ᠤ ᠲᠠᠭᠠᠰᠢᠶᠠᠯ ᠳᠤ ᠬᠦᠷᠴᠠᠢ᠃   ᠦᠳᠡᠰᠢᠯᠡᠭᠡ ᠶᠢᠨ ᠲᠤᠮᠳᠠ ᠬᠡᠪᠰᠢᠮᠡᠯ ᠬᠡᠯᠡᠯᠭᠡ ᠶᠢ ᠵᠠᠯᠭᠠᠬᠤ᠂ ᠠᠮᠠᠷᠬᠠᠨ ᠪᠤᠷᠤᠭᠤ ᠤᠩᠰᠢᠬᠤ ᠦᠭᠡ ᠬᠡᠯᠡᠯᠭᠡ ᠶᠢ ᠢᠯᠭᠠᠨ ᠵᠠᠳᠠᠯᠬᠤ ᠵᠢᠴᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠦᠳᠡᠯᠭᠡᠭᠡᠨ ᠪᠤᠯᠥᠨ ︽ᠦᠨᠳᠦᠰᠦᠲᠡᠨ ᠤ ᠪᠦᠯᠬᠦᠮᠳᠡᠯ ‍ᠦᠨ‌‍ᠲ᠋ᠤᠬᠠᠢ ᠮᠡᠳᠡᠪᠡᠰᠦ ᠵᠣᠬᠢᠬᠤ ᠴᠢᠬᠤᠯᠠ ᠮᠡᠳᠡᠯᠭᠡ︾᠂ ︽ᠠᠶᠤᠯᠭᠦᠶ ᠦᠶᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ︽ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠵᠢᠴᠢ ︽ᠨᠠᠮ ᠤᠨ ᠲᠡᠤᠭᠡ ᠶᠢᠨ ᠮᠡᠳᠡᠯᠭᠡ ᠶᠢᠨ ᠡᠷᠭᠢᠴᠡᠭᠦᠯᠦᠯ︾ ᠵᠡᠷᠭᠡ ᠲᠦᠷᠦ ᠎ ᠶᠢᠨ ᠪᠤᠳᠤᠯᠭ᠎ᠠ ᠶᠢᠨ ᠲᠠᠶᠢᠯᠥᠮᠵᠢ ᠬᠢᠭᠰᠡᠨ ᠪᠠᠶᠢᠨ᠎ᠠ᠃    ᠲᠣᠰ ᠤᠳᠠᠭᠠᠨ ᠤ ᠰᠢᠷᠢᠰ ᠠᠵᠢᠯᠯᠠᠭ᠎ᠠ ᠶᠢ ᠲᠡᠭᠦᠰ ᠠᠮᠵᠢᠯᠲᠠ ᠲᠠᠢ  ᠶᠠᠪᠤᠭᠳᠠᠭᠤᠯᠥᠠᠠᠰᠠᠨ ᠨᠢ ᠥᠷᠭᠡᠨ ᠣᠯᠠᠨ ᠨᠠᠰᠤᠲᠠᠶᠢᠴᠤᠳ ᠤᠨ ᠢᠳᠡᠪᠬᠢᠲᠡᠶ ᠪᠠᠷ ᠣᠷᠣᠯᠴᠠᠬᠤ ᠶᠢ ᠤᠷᠮᠠᠰᠢᠭᠤᠯᠤᠨ ᠵᠣᠷᠢᠭᠵᠢᠭᠤᠯᠵᠤ᠂ ᠨᠡᠶᠢᠭᠡᠮ ᠲᠣᠭᠤᠷᠢᠭ ᠪᠣᠯᠤᠨ ᠬᠠᠮᠲᠤ ᠪᠠᠷ ᠴᠤᠭᠴᠠᠯᠠᠬᠤ ᠨᠢᠭᠡᠴᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号