9 ᠰᠠᠷ᠎ᠠ ᠶᠢᠨ 29 ᠤ ᠡᠳᠦᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠲᠥᠪ ᠠᠴᠠ ᠬᠠᠮᠲᠤᠷᠠᠨ ᠡᠷᠭᠢᠯᠡᠭᠰᠡᠨ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠭᠤᠷᠪᠠᠨ ᠬᠥᠮᠥᠨ ᠤ ᠳᠦᠷᠢᠮᠲᠦ ᠰᠠᠭᠰᠤᠨ | ᠪᠥᠮᠪᠦᠭᠡ ᠶᠢᠨ ᠬᠤᠯᠪᠣᠭᠠᠲᠤ ᠤᠷᠤᠯᠳᠤᠭᠠᠨ ᠶᠠᠪᠤᠭᠳᠠᠪᠠ᠃ | ᠤᠷᠤᠯᠳᠤᠭᠠᠨ ᠳᠤ ᠤᠷᠤᠯᠴᠠᠭᠰᠠᠳ ᠨᠢ ᠨᠤᠭᠤᠷᠠᠰᠢ ᠦᠭᠡᠢ ᠲᠡᠮᠡᠴᠡᠯ ᠤᠨ ᠵᠣᠷᠢᠭ᠂ ᠡᠷᠡᠯᠬᠡᠭᠯᠡᠨ ᠲᠡᠮᠡᠴᠡᠬᠦ | ᠵᠣᠷᠢᠭ ᠰᠠᠨᠠᠭ᠎ᠠ᠂ ᠤᠷᠠᠨ ᠨᠠᠷᠢᠯᠢᠭ ᠪᠥᠮᠪᠥᠭᠡᠨ ᠮᠡᠷᠭᠡᠵᠢᠯ᠂ ᠭᠠᠷᠮᠠᠭᠠᠢ ᠪᠦᠯᠬᠦᠮ ᠤᠨ ᠬᠠᠮᠵᠢᠯᠴᠠᠭ᠎ᠠ ᠪᠠ ᠪᠠᠶᠢᠯᠳᠤᠬᠤ | ᠠᠷᠭ᠎ᠠ ᠶᠢᠨ ᠪᠠᠶᠢᠷᠢᠯᠠᠭᠤᠯᠤᠯᠲᠠ ᠪᠠᠷ ᠢᠶᠠᠨ ᠦᠵᠡᠭᠴᠢᠳ ᠲᠤ ᠰᠠᠭᠰᠤᠨ ᠪᠥᠮᠪᠦᠭᠡ ᠶᠢᠨ ᠤᠷᠤᠯᠳᠤᠭᠠᠨ ᠢ ᠳᠡᠯᠭᠡᠨ | ᠦᠵᠡᠭᠦᠯᠵᠡᠢ᠃ | ᠲᠤᠰ ᠤᠳᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠳᠤ 8 ᠲᠦᠯᠤᠬᠡᠯᠡᠭᠴᠢ ᠶᠢᠨ ᠠᠩᠬᠢ ᠣᠷᠣᠯᠴᠠᠵᠤ᠂ | ᠲᠤᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠨᠥᠬᠦᠷᠯᠡᠯ ᠢᠶᠠᠨ ᠵᠤᠵᠠᠭᠠᠳᠬᠠᠨ᠂ ᠰᠣᠯᠢᠯᠴᠠᠭ᠎ᠠ ᠪᠠᠨ | ᠠᠬᠢᠭᠤᠯᠵᠤ᠂ ᠪᠦᠯᠬᠦᠮ ᠨᠡᠶᠢᠲᠡ ᠶᠢᠨ ᠵᠣᠷᠢᠭ ᠰᠠᠨᠠᠭ᠎ᠠ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠬᠦ ᠪᠠᠷ | ᠵᠣᠷᠢᠯᠭ᠎ᠠ ᠪᠣᠯᠭᠠᠭᠰᠠᠨ ᠪᠠᠶᠢᠨ᠎ᠠ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ | ᠲᠦᠯᠤᠬᠡᠯᠡᠭᠴᠢ ᠶᠢᠨ ᠠᠩᠭᠢ ᠨᠢᠭᠡᠳᠦᠭᠡᠷ ᠲᠤ ᠰᠢᠯᠭᠠᠷᠠᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ | ᠲᠦᠯᠤᠬᠡᠯᠡᠭᠴᠢ ᠶᠢᠨ ᠠᠩᠭᠢ᠂ ᠨᠢᠭᠡᠳᠦᠮᠡᠯ ᠹᠷᠣᠨᠲ ᠤᠨ ᠬᠡᠯᠲᠡᠰ ᠤᠨ ᠲᠦᠯᠤᠬᠡᠯᠡᠭᠴᠢ ᠶᠢᠨ ᠠᠩᠭᠢ᠂ ᠤᠯᠤᠰ | ᠲᠦᠷᠦ ᠶᠢᠨ ᠵᠥᠪᠯᠡᠯᠭᠡᠨ ᠤ ᠬᠤᠯᠪᠣᠭᠠᠲᠤ ᠠᠩᠭᠢ ᠬᠤᠶᠠᠳᠤᠭᠠᠷ ᠲᠤ ᠤᠷᠤᠵᠦ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠲᠦᠯᠤᠬᠡᠯᠡᠭᠴᠢ ᠶᠢᠨ ᠠᠩᠭᠢ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠬᠤᠯᠪᠣᠭᠠᠲᠤ ᠠᠩᠭᠢ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠦᠯᠤᠬᠡᠯᠡᠭᠴᠢ ᠶᠢᠨ ᠠᠩᠭᠢ ᠭᠤᠷᠪᠠᠳᠤᠭᠠᠷ ᠲᠤ ᠣᠷᠣᠪᠠ᠃ | | |