ᠪᠦᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯᠲᠠᠨ ︵ᠲᠤᠰᠬᠠᠢ ᠮᠡᠷᠭᠡᠵᠢᠯ ᠤᠨ ᠠᠵᠢᠯᠲᠠᠨ︶ ᠤ  ᠪᠤᠯᠪᠠᠰᠣᠷᠠᠯ  ᠶᠠᠪᠤᠭᠳᠠᠪᠠ
ᠨᠡᠶᠢᠲᠡᠯᠡᠭᠰᠡᠨ ᠴᠠᠭ᠄
2024/10/8
   9 ᠰᠠᠷ᠎ᠠ ᠶᠢᠨ 29 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠠᠬᠦ ᠵᠦᠪᠯᠠᠯ  ᠠᠴᠠ ᠪᠦᠬᠦ ᠬᠤᠰᠢᠭᠤᠨ ᠤ ᠳᠤᠮᠳᠠᠳᠤ   ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠬᠤ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯᠲᠠᠨ ︵ᠲᠤᠰᠬᠠᠢ ᠮᠡᠷᠭᠡᠵᠢᠯ ᠤᠨ ᠠᠵᠢᠯᠲᠠᠨ︶ ᠤ ᠪᠤᠯᠪᠠᠰᠣᠷᠠᠯ ᠡᠷᠬᠢᠯᠠᠵᠡᠢ᠃  ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠶᠢᠨ ᠲᠤᠰᠬᠠᠢ ᠪᠠ ᠲᠤᠰᠢᠶᠠᠯ ᠬᠠᠪᠰᠤᠷᠭᠠᠭᠰᠠᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯᠲᠠᠨ 60 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
   ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠤᠤᠯ ᠤᠨ ᠶᠡᠷᠦᠩᠬᠡᠢ ᠨᠠᠶᠢᠷᠠᠭᠤᠯᠤᠭᠴᠢ ᠪᠠᠶᠠᠨᠪᠠᠭᠠᠲᠤᠷ᠂ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠯᠲᠡᠰ ᠤᠨ ᠫᠷᠦᠹᠧᠰᠰᠣᠷ   ᠶᠢᠨ ᠯᠢᠶᠠᠩ ᠨᠠᠷ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠣᠷᠴᠢᠭᠤᠯᠭ᠎ᠠ ᠶᠢᠨ ᠠᠵᠢᠯ ᠤᠨ ᠳᠤᠮᠳᠠ ᠮᠣᠩᠭᠤᠯ ᠬᠡᠯᠡ ᠪᠢᠴᠢᠭ  ᠤᠨ ᠪᠠᠷᠢᠮᠵᠢᠶᠠᠵᠢᠭᠤᠯᠤᠯᠲᠠ ᠶᠢ ᠬᠡᠷᠬᠢᠨ ᠨᠠᠶᠢᠳᠠᠪᠤᠷᠢᠵᠢᠭᠤᠯᠬᠤ᠂ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠤᠨ ᠣᠷᠴᠢᠭᠤᠯᠭ᠎ᠠ ᠶᠢᠨ ᠤᠨᠤᠯ ᠦᠢᠯᠡᠳᠦᠯᠭᠡ ᠶᠢ ᠬᠡᠷᠬᠢᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ  ᠲᠠᠶᠢᠯᠪᠤᠷᠢᠯᠠᠯᠳᠠ ᠬᠢᠵᠡᠢ  ᠃ ᠪᠤᠯᠪᠠᠰᠣᠷᠠᠯ ᠳᠤ ᠤᠷᠤᠯᠴᠠᠭᠰᠠᠳ ᠨᠢ ᠲᠤᠰ ᠤᠳᠠᠭᠠᠨ ᠤ ᠪᠣᠯᠪᠠᠰᠤᠷᠠᠯ ᠤᠨ ᠭᠤᠣᠯ ᠰᠡᠳᠦᠪ ᠢᠯᠡ ᠲᠣᠳᠣ᠂ ᠠᠭᠤᠯᠭ᠎ᠠ  ᠪᠠᠷ ᠪᠠᠶᠠᠯᠢᠭ᠂ ᠵᠢᠯᠤᠭᠤᠳᠬᠤ ᠴᠢᠨᠠᠷ ᠢᠶᠠᠷ ᠴᠢᠩᠭ᠎ᠠ᠂ ᠦᠨᠳᠦᠰᠦᠨ ᠱᠠᠲᠤᠨ ᠤ ᠣᠷᠴᠢᠭᠤᠯᠭ᠎ᠠ ᠶᠢᠨ ᠠᠵᠢᠯᠲᠠᠳ ᠲᠤ ᠮᠡᠳᠡᠯᠭᠡ ᠪᠠᠨ ᠰᠢᠨᠡᠳᠬᠡᠬᠦ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠤᠪᠣᠷ ᠨᠠᠨᠳᠢᠨ ᠵᠠᠪᠰᠢᠶᠠᠨ  ᠤᠯᠭᠤᠵᠡᠢ᠂ ᠬᠤᠶᠢᠰᠢᠳᠠ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠤᠨ ᠪᠥᠬᠦ ᠬᠤᠰᠢᠭᠤᠨ ᠤ ᠤᠯᠤᠰ ᠲᠥᠷᠥ᠂ ᠠᠵᠤ ᠠᠬᠤᠢ᠂ ᠨᠡᠶᠢᠭᠡᠮ ᠵᠡᠷᠭᠡ ᠡᠯ᠎ᠡ ᠵᠦᠢᠯ ᠤᠨ ᠠᠵᠢᠯ ᠦᠢᠯᠡᠰ ᠲᠤ ᠦᠢᠯᠡᠴᠢᠯᠡᠬᠦ ᠦᠢᠯᠡᠳᠦᠯ ᠢ ᠴᠢᠷᠮᠠᠶᠢᠨ ᠪᠠᠳᠠᠷᠠᠭᠤᠯᠵᠤ ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠨ᠎ᠡ ᠬᠡᠵᠦ ᠪᠠᠶᠢᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号