ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ 30 ᠬᠦᠮᠦᠨ ᠠᠴᠠ 24  ᠬᠥᠮᠥᠨ ᠬᠤᠷᠠᠯ ᠳᠤ ᠪᠣᠳᠠᠲᠠᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃    ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠣᠯᠣᠳ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠲᠠᠢ ᠫᠢᠩ᠂ ᠯᠢᠦ ᠴᠢᠩ᠂ ᠯᠦ ᠵᠧᠨ ᠰᠢᠨ ᠵᠢᠴᠢ ᠪᠤᠰᠤᠳ ᠭᠡᠰᠢᠭᠦᠳ ᠬᠤᠷᠠᠯ ᠳᠤ ᠣᠷᠣᠯᠴᠠᠵᠠᠢ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ  ᠬᠤᠰᠢᠭᠤ ᠳᠡᠳ᠋ ᠳᠠᠷᠤᠭ᠎ᠠ ᠬᠠᠢ ᠱᠠᠨ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠹᠧᠢ᠂  ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠱᠠᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠦᠦ ᠶᠦᠩ ᠹᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠨᠡᠷᠡᠶᠢᠳᠦᠯ ᠢ ᠬᠤᠪᠢᠷᠠᠭᠤᠯᠬᠤ ᠪᠠᠷ ᠳᠡᠪᠰᠢᠭᠦᠯᠦᠭᠰᠡᠨ ᠮᠡᠳᠡᠭᠦᠯᠦᠯᠲᠡ ᠶᠢ ᠬᠢᠨᠠᠨ ᠵᠥᠪᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠪᠠ ᠰᠠᠨᠠᠭᠤᠯᠭ᠎ᠠ ᠰᠢᠭᠦᠮᠵᠢᠯᠡᠯ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠷᠭᠤᠣᠯ ᠪᠠᠯᠭᠠᠰᠤᠨ ᠤ ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠵᠢᠭᠡᠯᠡᠯᠭᠡ ᠵᠢᠴᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠰᠢᠭᠦᠨ ᠲᠠᠰᠤᠯᠤᠯᠲᠠ ᠶᠢ ᠭᠦᠢᠴᠡᠳᠬᠡᠭᠰᠡᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠭᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠡᠢ᠃     ᠬᠤᠷᠠᠯ ᠳᠤ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号