ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     ᠪᠦᠦ ᠯᠢᠨ ᠤᠷᠢᠳ ᠬᠤᠵᠢᠳ ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ᠂ ᠰᠠᠶᠢᠨ ᠡᠭᠦᠯᠳᠡᠷ ᠤᠨ ᠮᠢᠬᠠᠨ ᠤ ᠦᠬᠡᠷ ᠢ ᠬᠡᠪᠴᠢᠶᠡᠵᠢᠭᠦᠯᠦᠨ ᠲᠠᠷᠭᠤᠯᠠᠭᠤᠯᠬᠤ ᠰᠠᠭᠤᠷᠢᠨ ᠭᠠᠵᠠᠷ᠂ ᠵᠢᠦᠢ ᠪᠦᠦ ᠶᠤᠸᠠᠨ ᠤᠯᠠᠭᠠᠨ ᠢᠳᠡᠭᠡᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠠᠯᠭᠠᠷ ᠭᠤᠣᠯ ᠠᠵᠤ ᠦᠢᠯᠡᠰ ᠤᠨ ᠬᠦᠷᠢᠶᠡᠯᠡᠩ᠂ ᠠᠷᠢᠭᠤᠨ ᠰᠠᠭᠠᠯᠢ ᠴᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠹᠧᠩ ᠵᠢᠩ ᠮᠠᠨ ᠶᠤᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠲᠦᠸᠧ ᠮᠢ ᠴᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠡᠪᠡᠳᠴᠢᠨ ᠢᠶᠠᠷ ᠦᠬᠦᠭᠰᠡᠨ ᠮᠠᠯ ᠢ ᠪᠣᠬᠢᠷᠲᠤᠯ ᠦᠭᠡᠢ ᠰᠢᠢᠳᠪᠦᠷᠢᠯᠡᠬᠦ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠪᠥᠬᠦ ᠬᠤᠰᠢᠭᠤᠨ  ᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠡᠪᠡᠰᠦ ᠪᠣᠷᠳᠤᠭ᠎ᠠ ᠶᠢ ᠡᠳ᠋ᠰᠢᠭᠦᠯᠦᠨ ᠨᠥᠭᠡᠴᠡᠯᠡᠬᠦ᠂ ᠮᠠᠯ ᠤᠨᠤᠭ᠎ᠠ ᠶᠢ ᠨᠢᠲᠤᠯᠵᠤ ᠡᠳ᠋ᠰᠢᠭᠦᠯᠬᠦ᠂ ᠴᠠᠭᠠᠨ ᠢᠳᠡᠭᠡ ᠦᠢᠯᠡᠳᠪᠦᠷᠢᠯᠡᠵᠦ ᠪᠣᠷᠣᠯᠠᠭᠤᠯᠬᠤ᠂ ᠡᠪᠡᠳᠴᠢᠨ ᠢᠶᠠᠷ ᠦᠬᠦᠭᠰᠡᠨ ᠮᠠᠯ ᠢ ᠪᠣᠬᠢᠷᠲᠤᠯ ᠦᠭᠡᠢ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠭᠠᠪᠠ᠃      ᠪᠦᠦ ᠯᠢᠨ ᠵᠢᠭᠠᠵᠤ ᠭᠠᠷᠭᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠨᠢ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠡᠳᠬᠢᠮᠵᠢ ᠪᠣᠯᠣᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠬᠥᠭᠵᠢᠯᠲᠡ ᠶᠢᠨ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ᠂ ᠬᠡᠪᠴᠢᠶᠡᠵᠢᠭᠰᠡᠨ ᠬᠥᠭᠵᠢᠯᠲᠡ᠂ ᠠᠵᠤ ᠦᠶᠢᠯᠡᠰᠵᠢᠭᠰᠡᠨ ᠡᠵᠡᠩᠨᠡᠯᠲᠡ ᠶᠢ ᠠᠬᠢᠭᠤᠯᠤᠨ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠤᠨ ᠵᠣᠬᠢᠴᠠᠩᠭᠤᠢ ᠬᠥᠭᠵᠢᠯᠲᠡ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠢ ᠭᠡᠵᠡᠢ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᠪᠦᠦ ᠫᠢᠩ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号