ᠬᠤᠰᠢᠭᠤ ᠨᠠᠮ ᠤᠨ ᠬᠤᠷᠢᠶᠠᠨ ᠤ ᠱᠦᠵᠢ ᠪᠣᠣ ᠯᠢᠨ ᠪᠠᠯᠭᠠᠷᠭᠤᠣᠯ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠣᠣ ᠯᠢᠨ ᠪᠠᠯᠭᠠᠷᠭᠤᠣᠯ ᠪᠠᠯᠭᠠᠰᠤᠨ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠦᠨᠳᠦᠰᠦᠲᠡᠨ ᠤ ᠪᠦᠯᠬᠦᠮᠳᠡᠯ᠂ ᠬᠤᠲᠠ ᠪᠠᠯᠭᠠᠰᠤᠨ ᠤ ᠳᠤᠯᠠᠭᠠᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠪᠦᠦ ᠯᠢᠨ ᠪᠠᠶᠠᠨᠬᠤᠰᠢᠭᠤ ᠵᠡᠭᠡᠯᠢ ᠶᠢᠨ ᠨᠠᠮ ᠤᠨ ᠡᠭᠦᠷ᠂ ᠪᠠᠶᠠᠩᠭᠤᠣᠯ ᠨᠡᠶᠢᠭᠡᠮ ᠲᠣᠭᠤᠷᠢᠭ᠂ ᠦᠵᠦᠮᠦᠴᠢᠨ ᠵᠡᠭᠡᠯᠢ ᠶᠢᠨ ᠨᠠᠮ ᠤᠨ ᠡᠭᠦᠷ ᠤᠨ ︽ᠬᠤᠪᠢᠰᠬᠠᠯᠲᠤ ᠦᠷᠳᠡᠭᠡ︾ ᠳᠤ ᠬᠦᠷᠴᠦ᠂ ︽ᠠᠷᠠᠳ ᠲᠦᠮᠡᠨ ᠳᠤ ᠦᠢᠯᠡᠴᠢᠯᠡᠬᠦ ᠠᠳᠠᠯ ᠠᠬᠤᠢ︾ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠣᠨᠴᠠᠯᠢᠭᠲᠤ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠪᠠᠯᠭᠠᠷᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠪᠦᠦ ᠯᠢᠨ ᠵᠢᠭᠠᠭᠰᠠᠨ ᠨᠢ᠂ ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠵᠠᠰᠠᠯᠲᠠ ᠶᠢᠨ ᠬᠠᠮᠤᠭ ᠤᠨ ᠪᠠᠭ᠎ᠠ ᠨᠢᠭᠡᠴᠡ ᠪᠣᠯᠣᠨ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠴᠢᠳᠠᠪᠤᠷᠢ ᠣᠯᠭᠤᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠬᠡᠷᠡᠭᠲᠡᠢ᠃ ᠠᠵᠢᠯ ᠤᠨ ᠠᠷᠭ᠎ᠠ ᠪᠠᠨ ᠰᠢᠨᠡᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠨᠡᠶᠢᠭᠡᠮ ᠲᠣᠭᠤᠷᠢᠭ ᠤᠨ ᠣᠨᠴᠠᠯᠢᠭ ᠲᠠᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠰᠦᠪᠡᠭᠴᠢᠯᠡᠨ ᠪᠣᠶ ᠪᠣᠯᠭᠠᠬᠤ ᠬᠡᠷᠡᠭᠲᠡᠢ᠃ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠵᠤ ᠳᠥᠭᠦᠮ ᠳᠥᠲᠡ ᠥᠨᠳᠥᠷ ᠪᠦᠲᠦᠮᠵᠢᠲᠡᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠪᠦᠬᠦᠯᠢ ᠴᠣᠭᠴᠠ ᠶᠢᠨ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠡᠢ᠃    ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ᠂ ᠪᠦᠦ ᠯᠢᠨ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠵᠢᠭᠠᠵᠤ ᠭᠠᠷᠭᠠᠭᠰᠠᠨ  ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ᠂ ᠲᠦᠭ ᠲᠦᠮᠡᠨ ᠠᠶᠢᠯ ᠡᠷᠦᠬᠡ ᠶᠢᠨ  ᠳᠤᠯᠠᠭᠠᠨ ᠲᠠᠪᠠᠲᠠᠢ ᠡᠪᠦᠯᠵᠢᠬᠦ ᠲᠠᠢ ᠬᠤᠯᠪᠣᠭᠳᠠᠬᠤ ᠲᠤᠯᠠ  ᠪᠥᠬᠦ ᠬᠤᠰᠢᠭᠤᠨ ᠤ ᠣᠳᠣᠬᠠᠨ ᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠳᠤᠯᠠᠭᠠᠯᠠᠭ᠎ᠠ  ᠬᠠᠩᠭᠠᠬᠤ ᠠᠵᠤ ᠠᠬᠤᠶᠢᠯᠠᠯ ᠨᠢ ᠴᠠᠭ ᠢᠮᠠᠭᠲᠠ ᠣᠯᠠᠨ ᠲᠦᠮᠡᠨ ᠤ ᠲᠥᠯᠥᠭᠡ ᠪᠣᠳᠣᠯᠬᠢᠯᠠᠵᠤ᠂ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠤ ᠳᠤᠯᠠᠭᠠᠨ  ᠲᠠᠪᠠᠲᠠᠢ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ  ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᠪᠦᠦ ᠫᠢᠩ᠂ ᠪᠠᠯᠭᠠᠷᠭᠤᠣᠯ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠣᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号