ᠪᠠᠷᠠᠭᠤᠨ ᠦᠵᠦᠮᠦᠴᠢᠨ ᠬᠤᠰᠢᠭᠤ ᠬᠢᠵᠠᠭᠠᠷᠳᠠᠮᠠᠯ ᠣᠷᠴᠢᠨ ᠳᠤ ᠠᠵᠢᠯᠯᠠᠬᠤ  ᠥᠨᠳᠥᠷ ᠲᠤ ᠠᠵᠢᠯᠯᠠᠬᠤ ᠲᠠᠯ᠎ᠠ ᠶᠢᠨ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/10/8
   ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ‌ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠦᠬᠦ ᠬᠤᠰᠢᠭᠤᠨ ᠤ ᠬᠢᠵᠠᠭᠠᠷᠳᠠᠮᠠᠯ ᠣᠷᠴᠢᠨ ᠳᠤ ᠠᠵᠢᠯᠯᠠᠬᠤ᠂ ᠥᠨᠳᠥᠷ ᠲᠤ ᠠᠵᠢᠯᠯᠠᠬᠤ ᠵᠡᠷᠭᠡ ᠣᠨᠴᠠᠭᠠᠶ ᠠᠵᠢᠯ ᠤᠨ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ  ᠶᠢᠨ ᠲᠤᠰᠠᠳᠠ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ  ᠤᠨ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ 9 ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠬᠢᠵᠠᠭᠠᠷᠳᠠᠮᠠᠯ ᠣᠷᠴᠢᠨ ᠳᠤ ᠠᠵᠢᠯᠯᠠᠬᠤ᠂ ᠥᠨᠳᠥᠷ ᠲᠤ ᠠᠵᠢᠯᠯᠠᠬᠤ ᠲᠠᠯ᠎ᠠ ᠶᠢᠨ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ᠃ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ  ᠪᠦᠷᠢᠯᠳᠦᠭᠦᠨ ᠨᠢᠭᠡᠴᠡ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠵᠡᠷᠭᠡ ᠨᠡᠶᠢᠲᠡ 160 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    ᠲᠤᠰ ᠤᠳᠠᠭᠠᠨ ᠤ ᠪᠣᠯᠪᠠᠰᠤᠷᠠᠯ ᠳᠤ ᠲᠤᠰ ᠲᠤᠰ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠤᠰᠬᠠᠢ ᠮᠡᠷᠭᠡᠵᠢᠯ ᠤᠨ ᠲᠠᠶᠢᠯᠪᠤᠷᠢᠯᠠᠭᠴᠢ ᠪᠠᠭᠰᠢ ᠶᠢ ᠤᠷᠢᠵᠤ᠂ ᠣᠨᠴᠠᠭᠠᠢ ᠲᠥᠷᠥᠯ ᠤᠨ ᠠᠵᠢᠯ ᠤᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ᠂ ᠬᠢᠨᠠᠯᠲᠠ ᠲᠠᠯᠪᠢᠵᠤ ᠪᠠᠶᠢᠴᠠᠭᠠᠬᠤ ᠲᠤᠬᠠᠶᠢᠯᠠᠭᠰᠠᠨ ᠠᠵᠢᠯ᠂ ᠠᠵᠤ ᠠᠬᠤᠶᠢᠯᠠᠯ ᠤᠨ ᠣᠨᠴᠠᠭᠠᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠵᠤ ᠠᠶᠤᠯ ᠠᠴᠠ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠲᠠᠶᠢᠯᠤᠮᠵᠢ ᠬᠢᠭᠰᠡᠨ ᠪᠦᠭᠡᠳ ᠠᠶᠤᠯᠭᠦᠢ‌‍ᠢ ᠦᠢᠯᠡᠳᠪᠦᠷᠢᠯᠡᠯ  ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ  ᠰᠣᠨᠢᠷᠬᠠᠭᠤᠯᠬᠤ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ ᠪᠣᠯᠪᠠᠰᠤᠷᠠᠯ ᠤᠨ ᠦᠷ᠎ᠡ ᠪᠦᠲᠦᠮᠵᠢ ᠶᠢ ᠴᠢᠩᠭᠠᠳᠬᠠᠭᠰᠠᠨ ᠪᠠᠶᠢᠨ᠎ᠠ᠃    ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠬᠢᠨᠠᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠪᠦᠲᠦᠮᠵᠢᠲᠡᠶ ᠳᠡᠭᠡᠭᠰᠢᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠣᠯᠣᠨ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠡᠮᠦᠨ᠎ᠡ ᠹᠷᠣᠨᠲ ᠤᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠥᠷᠨᠢᠭᠦᠯᠬᠦ ᠳᠤ ᠴᠢᠬᠤᠯᠠ ᠠᠴᠢ ᠬᠤᠯᠪᠣᠭᠳᠠᠯ ᠦᠵᠡᠭᠦᠯᠦᠭᠰᠡᠨ ᠪᠠᠶᠢᠨ᠎ᠠ᠃    ᠬᠤᠷᠠᠯ ᠠᠴᠠ ᠵᠢᠭᠠᠵᠤ ᠭᠠᠷᠭᠠᠭᠰᠠᠨ ᠨᠢ᠄ ᠨᠢᠭᠡ ᠳᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠨᠳᠥᠷ ᠠᠴᠠ ᠨᠤᠷᠠᠬᠤ᠂ ᠮᠠᠰᠢᠨ ᠮᠧᠬᠠᠨᠢᠭ ᠲᠡᠷᠭᠡ ᠤᠨᠤᠭᠠᠨ ᠤ ᠠᠳᠡᠯ᠂ ᠬᠢᠵᠠᠭᠠᠷᠳᠠᠮᠠᠯ ᠣᠷᠴᠢᠨ ᠳᠤ ᠬᠤᠣᠷᠳᠠᠭᠳᠠᠯ ᠡᠭᠦᠰᠬᠦ᠂ ᠴᠠᠬᠢᠯᠭᠠᠨ ᠳᠤ ᠴᠣᠬᠢᠭᠳᠠᠬᠤ ᠵᠡᠷᠭᠡ ᠨᠡᠶᠢᠲᠡᠯᠢᠭ ᠴᠢᠨᠠᠷᠲᠠᠢ ᠠᠳᠡᠯ ᠢ ᠴᠢᠩᠭ᠎ᠠ ᠰᠡᠷᠭᠡᠶᠢᠯᠡᠵᠦ᠂ ᠡᠯ᠎ᠡ ᠰᠤᠮᠤ ᠪᠠᠯᠭᠠᠰᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠪᠠᠶᠠᠷ ᠤᠨ ᠬᠤᠭᠤᠴᠠᠭᠠᠨ ᠳᠤ ︽ᠳᠥᠷᠪᠡ ᠶᠢ ᠮᠡᠳᠡᠭᠳᠡᠬᠦ ᠦᠭᠡᠢ ᠬᠤᠶᠠᠷ ᠰᠢᠭᠤᠳ︾ ᠤᠨ ᠠᠷᠭ᠎ᠠ ᠬᠡᠯᠪᠡᠷᠢ ᠪᠠᠷ ᠢᠯᠡ ᠪᠠᠷ ᠪᠠᠶᠢᠴᠠᠭᠠᠵᠤ ᠳᠠᠯᠳᠠ ᠪᠠᠷ ᠰᠤᠷᠪᠤᠯᠵᠢᠯᠠᠬᠤ᠂ ᠲᠤᠰᠬᠠᠢ ᠮᠡᠷᠭᠡᠵᠢᠯᠲᠡᠨ ᠢᠶᠠᠷ ᠬᠠᠪᠰᠤᠷᠤᠭᠤᠯᠤᠨ ᠵᠢᠯᠣᠭᠤᠳᠤᠭᠤᠯᠬᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠠᠰᠠᠭᠤᠳᠠᠯ ᠤᠨ ᠳᠠᠯᠳᠠ ᠬᠡᠮ ᠢ ᠢᠯᠡᠴᠢᠯᠡᠬᠦ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠢ ᠱᠠᠭᠠᠷᠳᠠᠨ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠬᠡᠷᠡᠭᠲᠡᠢ᠃ ᠬᠤᠶᠠᠷ ᠲᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠵᠡᠷᠭᠡ ᠳᠤᠨᠢ ᠰᠠᠶᠢᠲᠤᠷ ᠬᠢᠬᠦ ᠬᠡᠷᠡᠭᠲᠡᠢ᠃ ᠡᠯ᠎ᠡ ᠨᠢᠭᠡᠴᠡ ᠨᠢ ᠬᠤᠳᠠᠯᠳᠤᠭ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠬᠥᠮᠥᠨ ᠣᠯᠠᠨ ᠴᠤᠭᠯᠠᠷᠠᠳᠠᠭ ᠭᠠᠵᠠᠷ ᠵᠢᠴᠢ ᠥᠨᠳᠥᠷ ᠪᠠᠷᠢᠯᠭ᠎ᠠ᠂ ᠪᠠᠷᠠᠭᠠᠨ ᠤ ᠭᠦᠢᠯᠭᠡᠭᠡᠨ ᠤ ᠬᠥᠮᠥᠷᠭᠡ᠂ ︽ᠶᠢᠰᠦᠨ ᠵᠢᠵᠢᠭ ᠲᠠᠯᠠᠪᠤᠷ︾᠂ ᠬᠠᠭᠤᠴᠢᠨ ᠰᠠᠭᠤᠭᠠᠯᠢ ᠲᠣᠭᠤᠷᠢᠭ᠂ ᠭᠡᠷ ᠪᠦᠯᠢ ᠶᠢᠨ ᠦᠢᠯᠡᠳᠬᠡᠯ ᠤᠨ ᠭᠠᠵᠠᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠭᠠᠵᠠᠷ᠂ ᠰᠢᠲᠠᠮᠠᠬᠠᠢ ᠪᠣᠳᠠᠰ ᠪᠤᠶᠤ ᠠᠮᠠᠷᠬᠠᠨ ᠳᠡᠯᠪᠡᠷᠡᠬᠦ ᠪᠣᠳᠠᠰ ᠬᠠᠳᠠᠭᠠᠯᠠᠬᠤ ᠲᠠᠯᠠᠪᠤᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠠᠵᠤ ᠠᠬᠤᠶᠢᠯᠠᠯ  ᠨᠢ ᠭᠠᠯ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠷᠠᠭᠤᠯᠵᠤ᠂ ᠭᠠᠯ ᠤᠨ ᠠᠶᠤᠯ ᠠᠮᠠᠷᠬᠠᠨ ᠡᠭᠦᠰᠴᠦ ᠮᠡᠳᠡᠬᠦ ᠣᠯᠠᠨ ᠨᠡᠶᠢᠲᠡ ᠶᠢᠨ ᠲᠠᠯᠠᠪᠤᠷ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ᠂ ᠬᠥᠮᠥᠷᠭᠡ ᠵᠡᠷᠭᠡ ᠳᠤ ᠵᠥᠪᠰᠢᠶᠡᠷᠡᠯ ᠦᠭᠡᠢ ᠪᠠᠷ ᠢᠯᠡ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠨᠢᠭᠡᠴᠡ ᠨᠢ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨᠬᠦ ᠴᠢᠩᠭᠠᠳᠬᠠᠵᠤ ᠂ ᠣᠶᠢᠲᠤ ᠣᠷᠣᠨ ᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠪᠠ ᠣᠶ ᠳᠣᠲᠣᠷᠠᠬᠢ ᠦᠢᠯᠡᠳᠪᠦᠷᠢᠯᠡᠯ ᠳᠤ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠣᠶ ᠰᠢᠭᠤᠢ ᠨᠤᠲᠤᠭ ᠪᠡᠯᠴᠢᠭᠡᠷ  ᠤᠨ ᠭᠠᠯ ᠤᠨ ᠠᠶᠤᠯ ᠤᠨ ᠴᠠᠭ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠠ ᠭᠠᠯ ᠨᠣᠴᠣᠭᠠᠵᠤ ᠠᠵᠢᠯᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠭᠤᠷᠪᠠ ᠳᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠪᠠ ᠠᠵᠤ ᠠᠬᠤᠶᠢᠯᠠᠯ ᠨᠢ ᠡᠭᠡᠯᠵᠢᠯᠡᠨ ᠠᠵᠢᠯᠯᠠᠬᠤ ᠲᠥᠯᠥᠪᠯᠡᠭᠡ ᠪᠠᠨ ᠤᠷᠢᠳᠴᠢᠯᠠᠨ ᠲᠣᠭᠲᠠᠭᠠᠵᠤ᠂  ᠤᠳᠤᠷᠢᠳᠤᠯᠭ᠎ᠠ ᠪᠠ ᠵᠢᠵᠢᠭᠦᠷᠯᠡᠭᠴᠢ ᠪᠠᠨ ᠲᠣᠳᠣᠷᠬᠠᠢ ᠲᠣᠭᠲᠠᠭᠠᠨ᠂ 24 ᠴᠠᠭ ᠢᠶᠠᠷ ᠰᠠᠭᠠᠳ ᠦᠭᠡᠢ ᠤᠲᠠᠰᠤ ᠨᠡᠪᠲᠡᠷᠡᠬᠦ ᠶᠢ ᠪᠠᠲᠤᠯᠠᠵᠤ᠂ ᠴᠠᠭ ᠲᠤᠬᠠᠢ  ᠳᠤᠨᠢ ᠲᠣᠬᠢᠷᠠᠭᠤᠯᠵᠤ ᠬᠥᠮᠥᠨ ᠲᠣᠮᠢᠯᠠᠬᠤ ᠳᠤ ᠳᠦᠭᠦᠮ ᠪᠠᠶᠢᠯᠭᠠᠬᠤ ᠬᠡᠷᠡᠭᠲᠡᠢ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠣᠨᠴᠠ ᠲᠥᠷᠥᠯ ᠤᠨ ᠠᠵᠢᠯ ᠬᠢᠬᠦ ᠶᠢ ᠬᠢᠨᠠᠨ ᠵᠥᠪᠰᠢᠶᠡᠷᠡᠬᠦ᠂ ᠣᠨᠴᠠ ᠲᠥᠷᠥᠯ ᠤᠨ ᠠᠵᠢᠯ ᠤᠨ ᠪᠢᠯᠧᠲ ᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠠᠵᠢᠯ ᠤᠨ ᠲᠥᠰᠥᠯ ᠢᠶᠠᠨ ᠤᠷᠢᠳᠴᠢᠯᠠᠨ ᠲᠣᠭᠲᠠᠭᠠᠬᠤ ᠶᠢᠨ ᠬᠠᠮᠲᠤ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠤᠰᠢᠭᠤ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠤᠨ ᠲᠣᠬᠢᠷᠠᠭᠤᠯᠬᠤ ᠲᠥᠪ  ᠠᠴᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠭᠦᠨ ᠨᠢᠭᠡᠴᠡ᠂ ᠠᠵᠤ ᠠᠬᠤᠶᠢᠯᠠᠯ ᠳᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠵᠦ᠂ ᠪᠠᠶᠢᠴᠠᠭᠠᠵᠤ ᠢᠯᠡᠷᠡᠭᠦᠯᠦᠭᠰᠡᠨ ᠵᠢᠵᠢᠭᠦᠷᠯᠡᠬᠦ ᠬᠤᠭᠤᠴᠠᠭᠠᠨ ᠳᠠᠭᠠᠨ ᠠᠵᠢᠯ ᠤᠨ ᠪᠠᠶᠢᠷᠢ ᠠᠴᠠ ᠪᠠᠨ ᠰᠠᠯᠤᠭᠰᠠᠨ ᠵᠡᠷᠭᠡ ᠠᠰᠠᠭᠤᠳᠠᠯ ᠢ ᠲᠥᠪ ᠴᠢᠩᠭ᠎ᠠ ᠪᠠᠷ ᠰᠢᠢᠳᠪᠦᠷᠢᠯᠡᠬᠦ ᠬᠡᠷᠡᠭᠲᠡᠢ ᠭᠡᠵᠡᠢ᠃     ᠳᠠᠷᠠᠭ᠎ᠠ ᠠᠯᠬᠤᠮ ᠳᠤ᠂ ᠮᠠᠨ ᠤ ᠬᠤᠰᠢᠭᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠬᠥᠮᠦᠵᠢᠯ ᠪᠣᠯᠪᠠᠰᠤᠷᠠᠯ ᠤᠨ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠢ ᠱᠠᠭᠠᠷᠳᠠᠨ ᠵᠢᠯᠤᠭᠤᠳᠬᠤ ᠪᠠ ᠮᠥᠷᠳᠡᠨ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠨᠡᠬᠦ ᠠᠵᠢᠯ ᠢ ᠠᠶᠤᠯᠭᠦᠢ ᠦᠢᠯᠡᠳᠪᠦᠷᠢᠯᠡᠯ ᠤᠨ ᠤᠯᠠᠷᠢᠯ ᠤᠨ ᠬᠢᠨᠠᠨ ᠪᠠᠶᠢᠴᠠᠭᠠᠯᠲᠠ ᠪᠠ ᠣᠨ ᠤ ᠬᠢᠨᠠᠨ ᠰᠢᠯᠭᠠᠯᠲᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠠ ᠨᠡᠶᠢᠲᠡᠯᠢᠭ ᠠᠵᠢᠯ ᠤᠨ ᠲᠤᠷᠰᠢᠯᠭ᠎ᠠ ᠶᠢ ᠨᠡᠶᠢᠲᠡᠯᠡᠨ ᠲᠣᠬᠢᠷᠠᠭᠤᠯᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ  ᠶᠢ ᠬᠦᠴᠦᠯᠡᠨ ᠪᠠᠲᠤᠯᠠᠬᠤ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号