ᠲᠦᠷ ᠴᠠᠭ ᠤᠨ ᠠᠪᠤᠷᠠᠨ ᠲᠤᠰᠠᠯᠠᠯᠲᠠ ᠶᠢ ᠪᠡᠶᠡᠯᠡᠭᠦᠯᠵᠦ ᠵᠡᠮᠳᠡᠭᠴᠦᠳ ᠤᠨ ᠭᠡᠷ ᠪᠥᠯᠢ ᠶᠢᠨ ᠬᠦᠴᠢᠷᠳᠡᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/10/8
    ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠰᠠᠭᠤᠭᠠᠯᠢ ᠠᠷᠠᠳ ᠪᠠᠢ ᠣᠪᠣᠭᠲᠤ ᠶᠢᠨ ᠭᠡᠷ ᠪᠦᠯᠢ ᠶᠢᠨ ᠬᠢᠨ ᠠᠴᠠ ᠬᠥᠷᠭᠡᠭᠰᠡᠨ ᠬᠡᠮᠡᠷᠯᠢᠭ ᠲᠤᠭ ᠢ ᠲᠣᠰᠪᠠ᠃    ᠣᠶᠢᠯᠠᠭᠠᠭᠰᠠᠨ ᠢᠶᠠᠷ᠂ ᠪᠠᠢ ᠠᠪᠠᠭ᠋ᠠᠢ ᠲᠥᠷᠥᠯᠬᠢ ᠰᠡᠭᠦᠵᠢᠨ ᠦᠶ᠎ᠡ ᠶᠢᠨ ᠪᠤᠶᠢᠵᠢᠯᠲᠠ ᠮᠠᠭᠤ ᠠᠴᠠ ᠪᠣᠯᠵᠤ ᠵᠡᠮᠳᠡᠭ ᠪᠤᠯᠵᠠᠢ᠃ 2024 ᠣᠨ ᠤ 3 ᠰᠠᠷ᠎ᠠ ᠶᠢᠨ 28 ᠤ ᠡᠳᠦᠷ᠂ ᠪᠠᠢ ᠠᠪᠠᠭ᠋ᠠᠢ ᠶᠢᠨ ᠡᠪᠡᠳᠴᠢᠨ ᠤ ᠪᠠᠶᠢᠳᠠᠯ ᠨᠢ ᠬᠦᠨᠳᠦᠷᠡᠵᠦ᠂ ᠡᠮᠨᠡᠯᠭᠡ ᠳᠤ ᠰᠠᠭᠤᠵᠤ ᠡᠮᠨᠡᠭᠦᠯᠬᠦ ᠳᠤ ᠲᠤᠩ ᠶᠡᠭᠡ ᠵᠠᠷᠤᠳᠠᠯ  ᠮᠦᠩᠭᠦ ᠬᠡᠷᠡᠭᠰᠡᠵᠦ᠂ ᠤᠤᠯ ᠠᠴᠠ ᠪᠠᠨ ᠴᠢᠨᠡᠭᠡᠯᠢᠭ ᠪᠤᠰᠤ ᠪᠠᠶᠢᠭᠰᠠᠨ ᠭᠡᠷ ᠪᠦᠯᠢ ᠨᠢ ᠨᠠᠩ ᠶᠡᠭᠡ ᠬᠦᠴᠢᠷᠳᠡᠯ ᠳᠤ ᠣᠴᠠᠷᠠᠵᠠᠢ᠃ ᠡᠨᠡᠬᠦ ᠪᠠᠶᠢᠳᠠᠯ ᠳᠤ᠂ ᠪᠠᠢ ᠣᠪᠣᠭᠲᠤ ᠶᠢᠨ ᠬᠢᠨ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠲᠦᠷ ᠴᠠᠭ ᠤᠨ ᠠᠪᠤᠷᠠᠨ ᠲᠤᠰᠠᠯᠠᠬᠤ ᠭᠤᠶᠤᠴᠢᠯᠠᠯ ᠳᠡᠪᠰᠢᠭᠦᠯᠦᠭᠰᠡᠨ ᠳᠤ᠂ ᠵᠡᠮᠳᠡᠭᠴᠦᠳ ᠤᠨ ᠬᠤᠯᠪᠤᠭ᠎ᠠ ᠴᠠᠭ ᠲᠤᠬᠠᠢ ᠳᠤ ᠨᠢ ᠨᠠᠷᠢᠨ ᠪᠠᠶᠢᠳᠠᠯ ᠢ ᠤᠶᠢᠯᠠᠭᠠᠨ᠂ ᠲᠦᠷ ᠴᠠᠭ ᠤᠨ ᠲᠤᠰᠠᠯᠠᠮᠵᠢ ᠶᠢᠨ ᠮᠥᠩᠭᠦ  ᠤᠯᠭᠤᠵᠤ᠂ ᠳᠠᠭᠠᠷᠠᠭᠰᠠᠨ ᠬᠥᠮᠥᠨ ᠳᠤ ᠳᠠᠬᠤ ᠬᠦᠷᠭᠡᠵᠦ᠂ ᠪᠠᠴᠢᠮ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠭᠰᠡᠨ ᠪᠠᠶᠢᠨ᠎ᠠ᠃    ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠵᠡᠮᠳᠡᠭᠴᠦᠳ ᠤᠨ ᠠᠮᠢᠳᠤᠷᠠᠯ ᠤᠨ ᠬᠦᠴᠢᠷᠳᠡᠯ ᠢ ᠢᠮᠠᠭᠲᠠ  ᠠᠰᠠᠭᠤᠨ ᠤᠶᠢᠯᠠᠭᠠᠵᠤ᠂ ᠬᠦᠨᠳᠦ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠠᠴᠠ ᠪᠣᠯᠵᠤ ᠣᠷᠳᠣ ᠬᠤᠭᠤᠴᠠᠭ᠎ᠠ ᠪᠠᠷ ᠡᠮ ᠤᠤᠭᠤᠬᠤ ᠪᠤᠶᠤ ᠮᠡᠰᠡ ᠵᠠᠰᠠᠯ ᠬᠢᠬᠦ ᠶᠢ ᠪᠠᠴᠢᠮ ᠱᠠᠭᠠᠷᠳᠠᠬᠤ ᠵᠡᠷᠭᠡ ᠡᠪᠡᠳᠴᠢᠨ ᠤ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ 20 ᠨᠡᠷ᠎ᠡ ᠵᠡᠮᠳᠡᠭ ᠬᠦᠮᠦᠨ ᠳᠤ ᠲᠦᠷ ᠴᠠᠭ ᠤᠨ ᠲᠤᠰᠠᠯᠠᠮᠵᠢ ᠶᠢᠨ ᠮᠥᠩᠭᠦ ᠨᠡᠶᠢᠲᠡ 6 ᠲᠦᠮᠡᠨ ᠲᠥᠭᠦᠷᠢᠭ ᠤᠯᠭᠤᠵᠤ᠂ ᠵᠡᠮᠳᠡᠭᠴᠦᠳ ᠢ ᠦᠨᠡᠨᠬᠦ  ᠬᠠᠪᠰᠤᠷᠤᠨ ᠲᠡᠳᠬᠦᠵᠦ  ᠬᠦᠰᠡᠯ ᠡᠷᠡᠮᠡᠯᠵᠡᠯ ᠠᠪᠴᠢᠷᠠᠵᠤ ᠥᠭᠭᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号