ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤ ᠨᠢ ᠰᠣᠶᠣᠯ ᠢᠶᠠᠷ ᠵᠢᠭᠤᠯᠴᠢᠯᠠᠯ ᠢ ᠱᠤᠭᠤᠵᠤ᠂ | ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠨ᠂ ︽ᠲᠣᠮᠣ ᠵᠢᠭᠤᠯᠴᠢᠯᠠᠯ︾ ᠤᠨ ᠦᠵᠡᠯᠲᠡ ᠶᠢ ᠪᠣᠶ | ᠪᠣᠯᠭᠠᠵᠤ᠂ ᠵᠢᠭᠤᠯᠴᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠦᠯᠬᠢᠨ ᠠᠬᠢᠭᠤᠯᠵᠤ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠥᠭᠡᠳ ᠮᠠᠰᠢ ᠰᠠᠶᠢᠨ ᠦᠷ᠎ᠡ ᠪᠦᠲᠦᠮᠵᠢ | ᠣᠯᠣᠭᠰᠠᠨ ᠪᠠᠶᠢᠨ᠎ᠠ᠃ | ᠵᠤᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠷᠠᠭᠤᠨ | ᠦᠵᠦᠮᠦᠴᠢᠨ ᠬᠤᠰᠢᠭᠤ ᠨᠢ ᠲᠡᠰ ᠳᠡᠪᠰᠢᠬᠦ ᠶᠢ ᠪᠡᠶᠡᠯᠡᠭᠦᠯᠵᠡᠢ᠃ ᠰᠠᠷᠬᠦᠯᠠᠩ ᠬᠠᠷᠠᠭᠠᠳᠣ ᠦᠵᠡᠮᠵᠢ ᠶᠢᠨ ᠴᠡᠭ ᠤᠨ | ᠮᠣᠳᠣᠨ ᠬᠥᠭᠦᠷᠭᠡ ᠶᠢᠨ ᠵᠠᠮ ᠵᠢᠴᠢ ᠲᠡᠷᠭᠡᠨ ᠵᠣᠭᠰᠣᠭᠠᠯ᠂ ᠬᠠᠪᠴᠢᠭᠠᠢ ᠵᠢᠭᠤᠯᠴᠢᠯᠠᠭᠴᠢᠳ ᠤᠨ ᠦᠢᠯᠡᠴᠢᠯᠡᠭᠡᠨ ᠤ | ᠲᠥᠪ ᠢ ᠨᠢᠭᠡᠨᠲᠡ ᠪᠠᠶᠢᠭᠤᠯᠵᠤ ᠳᠠᠭᠤᠰᠬᠠᠭᠠᠳ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ | ᠡᠬᠢᠯᠡᠯᠲᠡ ᠶᠢᠨ ᠴᠡᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠵᠢᠱᠢᠯᠲᠡ ᠪᠠᠷ 10 ᠳ᠋ᠤᠭᠠᠷ ᠰᠠᠷ᠎ᠠ | ᠶᠢᠨ ᠰᠡᠭᠦᠯᠴᠢ ᠪᠠᠷ ᠠᠰᠢᠭᠯᠠᠯᠳᠠ ᠳᠤ ᠤᠷᠤᠭᠤᠯᠬᠤ ᠪᠤᠯᠤᠨ᠎ᠠ᠃ ᠡᠳᠡᠭᠡᠷ ᠰᠠᠭᠤᠷᠢ ᠲᠥᠬᠦᠭᠡᠷᠦᠮᠵᠢ ᠶᠢᠨ | ᠲᠡᠭᠦᠯᠳᠡᠷᠵᠢᠯ ᠨᠢ ᠵᠤᠭᠠᠴᠠᠭᠰᠠᠳ ᠲᠤ ᠨᠡᠩ ᠰᠠᠶᠢᠨ ᠵᠤᠭᠠᠴᠠᠯ ᠤᠨ ᠦᠢᠯᠠᠴᠢᠯᠡᠭᠡ ᠬᠠᠩᠭᠠᠬᠤ ᠪᠣᠯᠣᠨ᠎ᠠ᠃ | ᠭᠠᠳᠠᠭᠰᠢ ᠤᠬᠠᠭᠤᠯᠭ᠎ᠠ ᠶᠢᠨ ᠠᠵᠢᠯ ᠢ ᠰᠠᠶᠢᠳᠣᠷ ᠬᠢᠵᠦ ᠂ ︽ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ︾ | ᠲᠢᠺ ᠲᠤᠺ ᠲᠡᠬᠡᠷ᠎ᠡ 197 ᠪᠦᠲᠦᠭᠡᠯ ᠨᠡᠶᠢᠲᠡᠯᠡᠵᠦ᠂ ᠸᠢᠳᠢᠤ᠋ ᠳ᠋ᠤᠭᠠᠷ ᠲᠤ 205 ᠪᠦᠲᠦᠭᠡᠯ ᠭᠠᠷᠭᠠᠵᠤ᠂ | ᠸᠢᠴᠠᠲ ᠤᠨ ᠨᠡᠶᠢᠲᠡ ᠶᠢᠨ ᠳ᠋ᠤᠭᠠᠷ ᠲᠤ 120 ᠭᠠᠷᠤᠢ ᠪᠦᠲᠦᠭᠡᠯ ᠢ ᠨᠡᠶᠢᠲᠡᠯᠡᠵᠦ᠂ 11 ᠬᠤᠲᠠ ᠤᠷᠤᠨ ᠳᠤ | ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢ 14 ᠲᠠᠯᠠᠪᠤᠷ᠂ ᠲᠣᠰ ᠭᠠᠵᠠᠷ ᠣᠷᠣᠨ ᠤ ᠲᠠᠨᠢᠯᠴᠠᠭᠤᠯᠭ᠎ᠠ ᠶᠢᠨ | ᠬᠤᠷᠠᠯ ᠢ ᠬᠤᠶᠠᠷ ᠲᠠᠯᠠᠪᠤᠷ ᠡᠷᠭᠢᠯᠡᠵᠦ᠂ ᠮᠠᠰᠢ ᠣᠯᠠᠨ ᠵᠢᠭᠤᠯᠴᠢᠯᠠᠯ ᠤᠨ ᠪᠦᠯᠬᠦᠮ ᠢ ᠲᠡᠳᠡᠨ ᠣᠷᠣᠯᠴᠠᠭᠤᠯᠵᠤ᠂ | ᠨᠡᠶᠢᠲᠡ 2000 ᠭᠠᠷᠤᠢ ᠬᠥᠮᠥᠨ ᠤᠳᠠᠭ᠎ᠠ ᠤᠷᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠤᠬᠠᠭᠤᠯᠭ᠎ᠠ ᠳᠡᠯᠭᠡᠷᠡᠭᠦᠯᠦᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ | ᠪᠦᠬᠦ ᠬᠤᠰᠢᠭᠤᠨ ᠤ ᠬᠥᠳᠡᠭᠡ ᠲᠣᠰᠬᠤᠨ ᠤ ᠵᠤᠭᠠᠴᠠᠯ ᠤᠨ ᠪᠣᠯᠪᠠᠰᠤᠷᠠᠯ ᠤᠨ ᠠᠩᠭᠢ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠤ ᠤᠷᠤᠯᠳᠤᠭᠠᠨ ᠡᠷᠬᠢᠯᠡᠵᠦ᠂ ︽ᠵᠢᠭᠤᠯᠴᠢᠯᠠᠯ ᠤᠨ ᠠᠷᠪᠠᠨ ᠵᠤᠷᠪᠤᠰ︾ ᠤᠨ | ᠲᠥᠷᠥ ᠶᠢᠨ ᠪᠣᠳᠣᠯᠭ᠎ᠠ ᠶᠢ ᠰᠢᠨᠡᠳᠬᠡᠭᠰᠡᠨ ᠪᠥᠭᠡᠳ ᠱᠠᠩᠨᠠᠯ ᠤᠨ ᠪᠡᠯᠡ ᠮᠥᠩᠭᠦ ᠶᠢ 236 ᠲᠦᠮᠡ ᠲᠦᠭᠦᠷᠡᠭ | ᠪᠤᠯᠭᠠᠨ᠂ ᠪᠥᠬᠦ ᠠᠶᠢᠮᠠᠭ ᠤᠨ ᠵᠢᠭᠤᠯᠴᠢᠯᠠᠯ ᠤᠨ ᠠᠵᠢᠯᠲᠠᠨ ᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠳᠤ | ᠣᠷᠣᠯᠴᠠᠭᠰᠠᠨ ᠤ ᠬᠠᠮᠲᠤ ᠰᠢᠯᠢᠳᠡᠭ ᠬᠢᠷᠢ ᠪᠦᠲᠦᠮᠵᠢ ᠣᠯᠵᠤ᠂ ᠰᠣᠶᠣᠯ ᠤᠨ ᠵᠢᠭᠤᠯᠴᠢᠯᠠᠯ ᠤᠨ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠲᠡᠬᠡᠭᠰᠢᠯᠠᠬᠦᠯᠦᠨ᠂ ᠪᠥᠬᠦ ᠣᠷᠣᠨ ᠤ ᠬᠥᠭᠵᠢᠮ ᠤᠨ ᠤᠷᠤᠯᠳᠤᠭᠠᠨ᠂ | ᠪᠥᠬᠦ ᠠᠶᠢᠮᠠᠭ ᠤᠨ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠵᠡᠷᠭᠡ 30 ᠭᠠᠷᠤᠢ ᠲᠠᠯᠠᠪᠤᠷ ᠰᠣᠶᠣᠯ ᠲᠠᠮᠢᠷ | ᠤᠨ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠭᠴᠢᠳ ᠲᠤ ᠤᠷᠤᠨ ᠨᠤᠳᠤᠭ ᠤᠨ ᠰᠣᠶᠤᠯ | ᠢᠷᠬᠡᠨᠰᠢᠯ ᠢ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ | ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ 1.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠦᠵᠦᠮᠦᠴᠢᠨ ᠠᠳᠤᠭᠤᠨ ᠰᠣᠶᠣᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠡᠨᠡ ᠵᠢᠯ ᠤᠨ ᠳᠣᠲᠣᠷ᠎ᠠ ᠠᠰᠢᠭᠯᠠᠯᠲᠠ ᠳᠤ ᠤᠷᠤᠭᠤᠯᠬᠤ ᠪᠠᠷ | ᠲᠦᠯᠤᠪᠯᠠᠵᠦ᠂ ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠳᠥᠷᠪᠡᠨ | ᠤᠯᠠᠷᠢᠯ ᠤᠨ ᠵᠢᠭᠤᠯᠴᠢᠯᠠᠯ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠲᠠᠯ᠎ᠠ ᠨᠤᠲᠤᠭ ᠤᠨ ︽99 ᠨᠣᠮᠧᠷᠲᠤ ᠠᠶᠠᠯᠠᠯ ᠤᠨ ᠱᠤᠭᠤᠮ︾ ᠤᠨ ᠨᠠᠷᠠᠲᠤ ᠲᠡᠮᠳᠡᠭᠲᠦ ᠶᠢ ᠡᠭᠦᠳᠦᠭᠰᠡᠨ | ᠠᠴᠠ ᠨᠠᠰᠢ᠂ ᠣᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠨᠢᠯᠴᠠᠭᠤᠯᠵᠦ᠂ ᠨᠠᠷᠠᠲᠤ ᠲᠡᠮᠳᠡᠭᠲᠦ ᠶᠢᠨ ᠬᠠᠯᠠᠮᠰᠢᠯ | ᠪᠠ ᠦᠨ᠎ᠡ ᠥᠷᠲᠡᠭ ᠢ ᠳᠡᠭᠡᠭᠰᠢᠯᠡᠭᠦᠯᠪᠡ᠃ ᠵᠢᠭᠤᠯᠴᠢᠯᠠᠯ ᠤᠨ ᠡᠬᠢ ᠪᠠᠶᠠᠯᠢᠭ ᠢ ᠦᠢ ᠣᠯᠠᠨ ᠨᠠᠷᠠᠲᠤ | ᠵᠠᠭᠤᠴᠢᠯᠠᠭᠤᠷ ᠤᠨ ᠬᠢᠨ ᠡᠰᠢᠯᠡᠨ ᠬᠡᠷᠡᠭᠯᠡᠵᠦ᠂ ᠲᠥᠪ ᠲᠧᠯᠸᠢᠰ ᠤᠨ ︽ᠦᠵᠡᠰᠬᠦᠯᠠᠩᠳᠣ ᠰᠠᠶᠢᠬᠠᠨ ᠳᠤᠮᠳᠠᠳᠤ | ᠤᠯᠤᠰ︾ ᠪᠤᠯᠤᠩ ᠳᠤ ᠬᠤᠶᠠᠷ ᠤᠳᠠᠭ᠎ᠠ ᠰᠣᠩᠭᠤᠭᠳᠠᠨ ᠣᠷᠣᠵᠤ᠂ ᠵᠢᠭᠤᠯᠴᠢᠯᠠᠯ ᠤᠨ ᠠᠯᠳᠠᠷᠰᠢᠯ ᠢ | ᠳᠡᠭᠡᠭᠰᠢᠯᠡᠭᠦᠯᠦᠨ᠂ ᠦᠯᠡᠮᠵᠢ ᠣᠯᠠᠨ ᠵᠤᠭᠠᠴᠠᠭᠰᠠᠳ ᠢ ᠲᠠᠲᠠᠭᠰᠠᠨ ᠪᠠᠶᠢᠨ᠎ᠠ᠃ 7 ᠰᠠᠷ᠎ᠠ ᠶᠢᠨ ᠰᠡᠭᠦᠯᠴᠢ ᠪᠣᠯᠲᠠᠯ᠎ᠠ᠂ | ᠪᠦᠭᠦ ᠬᠤᠰᠢᠭᠤᠨ ᠤ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 121.3 ᠲᠦᠮᠡᠨ ᠬᠥᠮᠥᠨ ᠤᠳᠠᠭ᠎ᠠ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 39 % ᠪᠠᠷ ᠨᠡᠮᠡᠭᠳᠡᠵᠡᠢ᠃ ᠵᠢᠭᠤᠯᠴᠢᠯᠠᠯ ᠤᠨ ᠣᠷᠣᠯᠭ᠎ᠠ ᠪᠠᠷᠤᠭ | 5.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33% ᠪᠠᠷ ᠨᠡᠮᠡᠭᠳᠡᠪᠡ᠃ |