ᠪᠠᠷᠠᠭᠤᠨ ᠦᠵᠦᠮᠦᠴᠢᠨ ᠬᠤᠰᠢᠭᠤᠨ ᠳᠤ ᠮᠧᠩ ᠵᠢᠶᠠᠨ ᠠᠳᠤᠭᠤᠨ ᠤ ᠦᠢᠯᠡᠰ ᠤᠨ ᠺᠤᠮᠫᠠᠨᠢ ᠶᠢᠨ 2024 ᠣᠨ ᠤ ᠰᠠᠭᠠᠮ᠎ᠠ ᠬᠤᠷᠢᠶᠠᠭᠰᠠᠨ ᠪᠠᠶᠢᠳᠠᠯ ᠤᠨ ᠳ᠋ᠦᠩᠨᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/8
   9 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠮᠧᠩ ᠵᠢᠶᠠᠨ ᠠᠳᠤᠭᠤᠨ ᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠷᠭᠢᠯᠡᠭᠰᠡᠨ 2024 ᠣᠨ ᠤ ᠰᠠᠭᠠᠮ᠎ᠠ ᠬᠤᠷᠢᠶᠠᠭᠰᠠᠨ ᠪᠠᠶᠢᠳᠠᠯ ᠤᠨ ᠳ᠋ᠦᠩᠨᠡᠯᠲᠡ ᠶᠢᠨ ᠬᠤᠷᠠᠯ  ᠪᠠᠯᠭᠠᠷᠭᠤᠤᠯ ᠪᠠᠯᠭᠠᠰᠤᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠲᠤ ᠬᠤᠷᠠᠯᠳᠤᠪᠠ᠃    ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠨᠳᠢᠨ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠳᠠᠷᠤᠭ᠎ᠠ᠂ ᠰᠢᠯᠢ ᠶᠢᠨ ᠭᠤᠣᠯ ᠠᠶᠢᠮᠠᠭ ᠤᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠢᠪᠡᠭᠡᠯᠲᠦ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠭᠤᠣᠯ ᠬᠠᠷᠢᠭᠤᠴᠠᠯᠭᠠᠲᠠᠨ᠂ ᠬᠠᠮᠢᠶᠠᠲᠠᠢ ᠠᠵᠢᠯᠳᠠᠳ ᠵᠢᠴᠢ ᠮᠠᠯᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃    ᠬᠤᠷᠠᠯ ᠳᠤ᠂ ᠥᠪᠥᠷ ᠮᠣᠩᠭᠤᠯ ᠤᠨ ᠮᠧᠩ ᠵᠢᠶᠠᠨ ᠠᠳᠤᠭᠤᠨ ᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠴᠤᠤ ᠰᠢᠶᠠ ᠠᠴᠠ 2024 ᠣᠨ ᠤ ᠰᠠᠭᠠᠮ᠎ᠠ ᠬᠤᠳᠠᠯᠳᠤᠨ ᠠᠪᠤᠭᠰᠠᠨ ᠪᠠᠶᠢᠳᠠᠯ ᠵᠢᠴᠢ 2025 ᠣᠨ ᠤ ᠰᠠᠭᠠᠮ᠎ᠠ ᠬᠤᠳᠠᠯᠳᠤᠨ ᠠᠪᠬᠤ ᠠᠵᠢᠯ ᠤᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ ᠬᠢᠵᠦ᠂ ᠲᠠᠬᠢᠨ ᠠᠬᠤᠢ ᠲᠠᠯᠠᠪᠠᠢ ᠳᠤ 2024 ᠣᠨ ᠳᠤ ᠰᠠᠭᠠᠮ᠎ᠠ ᠪᠣᠷᠣᠯᠠᠭᠤᠯᠤᠭᠰᠠᠨ ᠮᠠᠯᠴᠢᠳ ᠲᠤ  ᠮᠦᠩᠭᠦ  ᠲᠠᠷᠬᠠᠭᠠᠵᠠᠢ᠃    ᠭᠡᠭᠦᠦ ᠰᠠᠭᠠᠬᠤ ᠮᠠᠯᠴᠢᠨ ᠡᠷᠦᠬᠡ ᠶᠢᠨ ︽ᠬᠠᠳᠠᠭᠠᠯᠠᠬᠤ᠂ ᠵᠥᠭᠡᠭᠡᠪᠦᠷᠢᠯᠡᠬᠦ᠂ ᠪᠣᠷᠣᠯᠠᠭᠤᠯᠬᠤ︾ ᠶᠢᠨ ᠬᠦᠴᠢᠷᠳᠡᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠯᠪᠡᠷᠢ ᠪᠠᠷ ᠥᠪᠥᠷ ᠮᠣᠩᠭᠤᠯ ᠤᠨ ᠮᠧᠩ ᠵᠢᠶᠠᠨ ᠠᠳᠤᠭᠤᠨ ᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠣᠷᠣᠭᠤᠯᠤᠨ ᠠᠪᠴᠢᠷᠠᠵᠤ ᠂ ᠪᠣᠷᠤᠯᠠᠭᠤᠯᠭ᠎ᠠ ᠶᠢᠨ ᠬᠦᠷᠢᠶ᠎ᠡ ᠴᠠᠷ᠎ᠠ ᠶᠢ ᠦᠷᠭᠡᠳᠭᠡᠨ᠂ ᠮᠠᠯᠴᠢᠨ ᠡᠷᠦᠬᠡ ᠪᠠ ᠠᠵᠤ ᠠᠬᠤᠶᠢᠯᠠᠯ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ᠂ 7 ᠰᠠᠷ᠎ᠠ ᠶᠢᠨ 1 ᠠᠴᠠ 9 ᠰᠠᠷ᠎ᠠ ᠶᠢᠨ 5  ᠪᠣᠯᠲᠠᠯ᠎ᠠ᠂ ᠲᠣᠰ ᠠᠵᠤ ᠠᠬᠤᠶᠢᠯᠠᠯ ᠵᠢᠩ ᠪᠦᠷᠢ ᠳᠡᠭᠡᠨ 11 ᠲᠥᠭᠦᠷᠢᠭ ᠤᠨ ᠦᠨ᠎ᠡ ᠪᠠᠷ 38 ᠮᠠᠯᠴᠢᠨ ᠡᠷᠦᠬᠡ ᠠᠴᠠ 102 ᠲᠣᠨ ᠰᠠᠭᠠᠮ᠎ᠠ ᠬᠤᠳᠠᠯᠳᠤᠨ ᠠᠪᠴᠤ᠂ ᠨᠡᠶᠢᠲᠡ 225 ᠲᠦᠮᠡᠨ ᠲᠥᠭᠦᠷᠢᠭ ᠤᠨ ᠰᠠᠭᠠᠮ᠎ᠠ ᠶᠢᠨ ᠮᠥᠩᠭᠦ ᠲᠠᠷᠬᠠᠭᠠᠵᠠᠢ᠃    ᠡᠬᠦᠨ ᠤ ᠬᠠᠮᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠰᠠᠶᠢᠲᠤᠷ ᠬᠢᠬᠦ ᠡᠷᠴᠢᠮ ᠢᠶᠠᠨ ᠪᠦᠬᠦ ᠬᠤᠰᠢᠭᠤᠨ ᠤ ᠮᠠᠯᠵᠢᠬᠤ ᠣᠷᠣᠨ ᠤ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾ ᠥᠭᠡᠷᠡᠴᠢᠯᠡᠯᠲᠡ ᠶᠢᠨ ᠠᠬᠢᠴᠠ ᠶᠢ ᠴᠢᠷᠮᠠᠶᠢᠨ ᠠᠬᠢᠭᠤᠯᠵᠤ᠂ ᠪᠥᠬᠦ ᠬᠤᠰᠢᠭᠤᠨ ᠤ ᠴᠡᠭᠡᠨ ᠤ ᠡᠬᠢ ᠪᠠᠶᠠᠯᠢᠭ ᠢ ᠭᠦᠢᠴᠡᠳ ᠠᠮᠢᠯᠠᠭᠤᠯᠵᠤ᠂ ᠴᠡᠭᠡᠨ ᠤ ᠠᠵᠤ ᠦᠢᠯᠡᠰ ᠤᠨ ᠬᠡᠪᠴᠢᠶᠡᠵᠢᠭᠰᠡᠨ ᠡᠵᠡᠩᠨᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠭᠤᠯᠵᠤ᠂ ᠠᠳᠤᠭᠤᠨ ᠤ ᠠᠵᠤ ᠦᠢᠯᠡᠰ ᠤᠨ ᠬᠡᠯᠬᠢᠶ᠎ᠡ ᠳᠤ ᠰᠢᠩᠭᠡᠭᠡᠵᠦ᠂ ᠠᠵᠤ ᠠᠬᠤᠶᠢᠯᠠᠯ ᠤᠨ ᠬᠢᠨ ᠰᠠᠭᠠᠮ᠎ᠠ ᠬᠤᠳᠠᠯᠳᠤᠨ ᠠᠪᠤᠭᠰᠠᠨ ᠰᠠᠭᠤᠷᠢᠨ ᠳᠡᠭᠡᠷ᠎ᠡ᠂ ᠡᠨᠡ ᠵᠢᠯ ᠬᠤᠰᠢᠭᠤ ᠵᠠᠰᠠᠭ ᠤᠨ ᠣᠷᠳᠣᠨ ᠠᠴᠠ ᠵᠢᠩ ᠪᠦᠷᠢ ᠳᠤ 2 ᠲᠥᠭᠦᠷᠢᠭ ᠤᠨ ᠨᠥᠬᠦᠪᠦᠷᠢ ᠥᠭᠬᠦ ᠬᠡᠯᠪᠡᠷᠢ ᠪᠠᠷ 40 ᠭᠠᠷᠤᠢ ᠲᠦᠮᠡᠨ ᠲᠥᠭᠦᠷᠢᠭ ᠤᠨ ᠰᠠᠭᠠᠮ᠎ᠠ  ᠶᠢᠨ ᠨᠥᠬᠦᠪᠦᠷᠢ ᠤᠯᠭᠤᠵᠠᠢ᠃     ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠵᠢᠯᠣᠭᠤᠳᠤᠯᠭ᠎ᠠ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠡᠪᠴᠢᠶᠡᠵᠢᠭᠦᠯᠦᠨ ᠡᠵᠡᠩᠨᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠᠷ ᠠᠷᠭ᠎ᠠ ᠵᠠᠮ ᠪᠣᠯᠭᠠᠵᠤ᠂ ᠭᠡᠭᠦᠦ ᠶᠢᠨ ᠠᠵᠤ ᠦᠢᠯᠡᠰ ᠤᠨ ᠪᠠᠶᠢᠷᠢᠰᠢᠯ ᠢ ᠤᠯᠠᠮ ᠴᠢᠨᠠᠭᠰᠢᠲᠠ ᠰᠢᠯᠢᠳᠡᠭᠵᠢᠭᠦᠯᠵᠦ᠂ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠵᠦ᠂ ᠴᠡᠭᠡᠨ ᠤ ᠵᠠᠬ᠎ᠠ ᠳᠡᠯᠭᠡᠭᠦᠷ ᠤᠨ ᠭᠤᠣᠯ ᠥᠷᠢᠰᠦᠯᠳᠦᠭᠡᠨ ᠤ ᠬᠦᠴᠦᠨ ᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠴᠡᠭᠡᠨ ᠤ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠡᠬᠦᠦ ᠰᠠᠭᠠᠬᠤ ᠡᠷᠦᠬᠡ ᠶᠢᠨ ᠭᠡᠭᠦᠦ ᠲᠡᠵᠢᠭᠡᠬᠦ ᠦᠢᠯᠡᠰ ᠤᠨ ᠢᠳᠡᠪᠬᠢᠵᠢᠯ ᠢ ᠳᠠᠶᠢᠴᠢᠯᠠᠵᠤ᠂ ᠬᠡᠬᠦᠦ ᠰᠠᠭᠠᠬᠤ ᠡᠷᠦᠬᠡ ᠶᠢᠨ ᠪᠣᠷᠤᠯᠠᠭᠤᠯᠭ᠎ᠠ ᠶᠢᠨ ᠵᠠᠮ ᠢ ᠥᠷᠭᠡᠳᠬᠡᠵᠦ᠂  ᠤᠯᠠᠭᠠᠨᠬᠠᠭᠠᠯᠠᠭ᠎ᠠ ᠰᠤᠮᠤ᠂ ᠪᠠᠶᠠᠨᠬᠤᠰᠢᠭᠤ ᠰᠤᠮᠤ᠂ ᠵᠢᠷ ᠤᠨ ᠭᠤᠤᠯ ᠪᠠᠯᠭᠠᠰᠤ᠂ ᠬᠤᠭᠤᠯᠠᠲᠤ ᠶᠢᠨ ᠭᠤᠣᠯ ᠪᠠᠯᠭᠠᠰᠤ ᠪᠠᠷ ᠴᠡᠭᠡᠨ ᠤ ᠠᠵᠤ ᠦᠢᠯᠡᠰ ᠤᠨ ᠪᠦᠰᠡ ᠪᠣᠯᠭᠠᠵᠤ᠂ ᠤᠤᠯ ᠤᠨ ᠪᠠᠶᠢᠭᠰᠠᠨ 7 ᠲᠦᠭᠦᠬᠡᠢ ᠰᠦᠨ ᠤ ᠰᠠᠭᠤᠷᠢᠨ ᠭᠠᠵᠠᠷ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ 2024 ᠣᠨ ᠳᠤ 6 ᠲᠦᠭᠦᠬᠡᠢ ᠰᠦᠨ ᠤ ᠰᠠᠭᠤᠷᠢᠨ ᠭᠠᠵᠠᠷ ᠪᠠ ᠪᠠᠷᠢᠮᠵᠢᠶᠠᠵᠢᠭᠤᠯᠤᠭᠰᠠᠨ ᠴᠡᠭᠡ ᠪᠣᠯᠪᠠᠰᠤᠷᠠᠭᠤᠯᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ︽ᠬᠡᠬᠦᠦ ᠰᠠᠭᠠᠬᠤ ᠡᠷᠦᠬᠡ + ᠲᠦᠭᠦᠬᠡᠢ ᠰᠦᠨ ᠤ ᠰᠠᠭᠤᠷᠢᠨ ᠭᠠᠵᠠᠷ + ᠴᠡᠭᠡ ᠪᠣᠯᠪᠠᠰᠤᠷᠠᠭᠤᠯᠬᠤ ᠦᠢᠯᠡᠳᠪᠦᠷᠢ︾ ᠶᠢᠨ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠪᠥᠬᠦ ᠬᠤᠰᠢᠭᠤᠨ ᠤ ᠬᠡᠬᠦᠦ ᠰᠠᠭᠠᠬᠤ ᠡᠷᠦᠬᠡ ᠪᠠ ᠡᠷᠬᠢᠨ ᠲᠣᠭᠤᠷᠢᠨ ᠤ ᠮᠠᠯᠵᠢᠬᠤ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠦᠨ᠂ ᠠᠳᠤᠭᠤᠨ ᠤ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠮᠠᠯᠵᠢᠬᠤ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠬᠤᠤᠰ ᠦᠷ᠎ᠡ ᠠᠰᠢᠭ ᠢ ᠡᠭᠦᠳᠴᠠᠢ᠃    ᠬᠤᠷᠠᠯ ᠳᠤ ᠣᠷᠣᠯᠴᠠᠭᠰᠠᠳ ᠬᠠᠮᠲᠤ ᠪᠠᠷ ᠴᠡᠭᠡ ᠪᠣᠯᠪᠠᠰᠤᠷᠠᠭᠤᠯᠬᠤ ᠦᠢᠯᠡᠳᠪᠦᠷᠢ ᠶᠢᠨ ᠲᠦᠭᠦᠬᠡᠢ ᠰᠦᠨ ᠤ ᠰᠠᠭᠤᠷᠢᠨ ᠭᠠᠵᠠᠷ ᠤᠨ ᠲᠦᠭᠦᠬᠡᠢ ᠰᠦ ᠶᠢ ᠬᠤᠳᠠᠯᠳᠤᠨ ᠠᠪᠤᠭᠰᠠᠨ ᠪᠠᠶᠢᠳᠠᠯ ᠢ ᠲᠣᠭᠤᠷᠢᠨ ᠦᠵᠡᠵᠡᠢ᠃    ᠥᠪᠥᠷ ᠮᠣᠩᠭᠤᠯ ᠤᠨ ᠮᠧᠩ ᠵᠢᠶᠠᠨ ᠠᠳᠤᠭᠤᠨ ᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ  ᠯᠢᠦ ᠴᠤᠤ ᠰᠢᠶᠠ᠄ ︽ᠮᠠᠨ ᠤ ᠥᠪᠥᠷ ᠮᠣᠩᠭᠤᠯ ᠤᠨ ᠮᠧᠩ ᠵᠢᠶᠠᠨ ᠠᠳᠤᠭᠤᠨ ᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠨᠡ ᠵᠢᠯ ᠤᠨ 7 ᠰᠠᠷ᠎ᠠ ᠠᠴᠠ ᠡᠬᠢᠯᠡᠨ ᠤᠳᠤᠬᠠᠨ ᠪᠤᠯᠳᠠᠯ᠎ᠠ ᠨᠡᠶᠢᠲᠡ 38 ᠮᠠᠯᠴᠢᠨ ᠡᠷᠦᠬᠡ ᠠᠴᠠ 102 ᠲᠣᠨ ᠰᠢᠨ᠎ᠡ ᠰᠣᠷᠭᠤᠭ ᠰᠠᠭᠠᠮ᠎ᠠ ᠬᠤᠳᠠᠯᠳᠤᠨ ᠠᠪᠤᠭᠰᠠᠨ ᠪᠠᠶᠢᠨ᠎ᠠ᠃ ᠪᠢᠳᠡ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠦᠨ᠎ᠡ ᠠᠴᠠ ᠨᠢᠭᠡ ᠲᠥᠭᠦᠷᠢᠭ ᠢᠯᠡᠭᠦᠦ ᠦᠨ᠎ᠡ ᠪᠠᠷ ᠬᠤᠳᠠᠯᠳᠤᠨ ᠠᠪᠴᠤ᠂ ᠮᠠᠯᠴᠢᠳ ᠤᠨ ᠤᠤᠯ ᠤᠨ ᠠᠰᠢᠭ ᠣᠷᠣᠯᠭ᠎ᠠ ᠶᠢᠨ ᠰᠠᠭᠤᠷᠢᠨ ᠳᠡᠭᠡᠷ᠎ᠡ ᠡᠷᠦᠬᠡ ᠪᠦᠷᠢ ᠳᠤ ᠬᠠᠮᠤᠭ ᠤᠨ ᠪᠠᠭ᠎ᠠ ᠳᠠᠭᠠᠨ 5000 ᠭᠠᠷᠤᠢ ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ ᠮᠠᠯᠴᠢᠳ ᠤᠨ ᠠᠰᠢᠭ ᠣᠷᠣᠯᠭ᠎ᠠ ᠳᠤ ᠪᠠᠳᠤᠯᠠᠭ᠎ᠠ ᠬᠠᠩᠭᠠᠨᠰᠠᠨ ᠪᠠᠶᠢᠨ᠎ᠠ᠃ ᠡᠬᠦᠨ ᠤ ᠬᠠᠮᠳᠤ ᠮᠠᠯᠴᠢᠳ ᠴᠦ ᠪᠢᠳᠡᠨ ᠳᠤ ᠴᠢᠨᠠᠷ ᠰᠠᠶᠢᠲᠠᠢ ᠰᠢᠨ᠎ᠡ ᠰᠣᠷᠭᠤᠭ ᠰᠠᠭᠠᠮ᠎ᠠ ᠬᠠᠩᠭᠠᠵᠤ᠂ ᠰᠠᠭᠠᠮ᠎ᠠ ᠶᠢᠨ ᠰᠢᠨ᠎ᠡ ᠰᠤᠷᠭᠤᠭ ᠪᠤᠬᠢᠷᠳᠤᠯ ᠦᠭᠡᠢ ᠴᠢᠨᠠᠷ ᠢ ᠪᠠᠳᠤᠯᠠᠨ᠂ ᠬᠠᠩᠭᠠᠯᠭ᠎ᠠ ᠶᠢ ᠪᠠᠳᠤᠯᠠᠭᠰᠠᠨ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号