ᠪᠠᠷᠠᠭᠤᠨ ᠦᠵᠦᠮᠦᠴᠢᠨ ᠬᠤᠰᠢᠭᠤ ︽ᠡᠯᠪᠡᠭ ᠬᠤᠷᠢᠶᠠᠯᠲᠠ ᠶᠢ ᠪᠡᠯᠭᠡᠯᠡᠵᠦ ᠡᠶᠡᠯᠳᠡᠭ ᠰᠠᠶᠢᠬᠠᠨ ᠢ ᠠᠬᠢᠭᠤᠯᠬᠤ · ᠤᠮᠠᠷᠠᠲᠤ ᠬᠢᠯᠢ ᠶᠢᠨ ᠵᠠᠯᠠᠭᠤᠴᠤᠳ ᠬᠥᠭᠵᠢᠯᠲᠡ ᠶᠢ ᠬᠦᠦᠷᠨᠢᠨᠡᠮ︾ ᠰᠢᠨ᠎ᠡ ᠶᠢ ᠡᠬᠦᠳᠦᠨ ᠦᠢᠯᠡᠰ ᠪᠣᠰᠬᠠᠬᠤ ᠰᠠᠭᠤᠷᠢᠨ ᠭᠠᠵᠠᠷ ᠤᠨ ᠠᠵᠤ ᠠᠬᠤᠶᠢᠯᠠᠯ ᠤᠨ ᠬᠥᠭᠵᠢᠯᠲᠡ ᠶᠢᠨ  ᠲᠤᠬᠠᠢ ᠰᠠᠭᠤᠳᠠᠯ ᠤᠨ ᠬᠤᠷᠠᠯ ᠪᠠ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
     9 ᠰᠠᠷ᠎ᠠ ᠶᠢᠨ 23 ᠤ ᠡᠳᠦᠷ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠰᠢᠭᠤ ᠡᠪᠯᠡᠯ ᠤᠨ ᠬᠤᠷᠢᠶ᠎ᠠ ᠪᠣᠯᠣᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠬᠤᠷᠠᠯ ᠠᠴᠠ ︽ᠡᠯᠪᠡᠭ ᠬᠤᠷᠢᠶᠠᠯᠲᠠ ᠶᠢ ᠪᠡᠯᠭᠡᠯᠡᠵᠦ ᠡᠶᠡᠯᠳᠡᠭ ᠰᠠᠶᠢᠬᠠᠨ ᠢ ᠠᠬᠢᠭᠤᠯᠬᠤ · ᠤᠮᠠᠷᠠᠲᠤ ᠬᠢᠯᠢ ᠶᠢᠨ ᠵᠠᠯᠠᠭᠤᠴᠤᠳ ᠬᠥᠭᠵᠢᠯᠲᠡ ᠶᠢ ᠬᠦᠦᠷᠨᠢᠨᠡᠮ︾ ᠰᠢᠨ᠎ᠡ ᠶᠢ ᠡᠬᠦᠳᠦᠨ ᠦᠢᠯᠡᠰ ᠪᠣᠰᠬᠠᠬᠤ ᠰᠠᠭᠤᠷᠢᠨ ᠭᠠᠵᠠᠷ ᠤᠨ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠢ ᠰᠠᠭᠤᠳᠠᠯ ᠤᠨ ᠬᠤᠷᠠᠯ ᠪᠠ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠭᠡᠰᠢᠭᠦᠨ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠠᠭᠤᠷᠢᠨ ᠭᠠᠵᠠᠷ ᠤᠨ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ 30 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃    ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠨᠠᠷᠠᠨᠲᠤᠶᠠᠭ᠎ᠠ ᠠᠴᠠ ᠪᠤᠳᠠᠳᠤ ᠪᠠᠶᠢᠳᠠᠯ ᠲᠠᠢ ᠤᠶᠠᠯᠳᠤᠭᠤᠯᠤᠨ ᠬᠤᠷᠠᠯ ᠳᠤ ᠣᠷᠣᠯᠴᠠᠭᠰᠠᠳ ᠲᠤ ᠦᠨᠳᠦᠰᠦᠲᠡᠨ ᠤ ᠪᠦᠯᠬᠦᠮᠳᠡᠯ ᠤᠨ ᠴᠡᠴᠡᠭ ᠪᠣᠯᠣᠨ ᠡᠯᠪᠡᠭ ᠬᠤᠷᠢᠶᠠᠯᠲᠠ ᠶᠢᠨ ᠬᠠᠷᠢᠯᠴᠠᠨ ᠠᠭᠤᠰᠤᠯᠴᠠᠭ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠶᠠᠷᠢᠵᠤ᠂ ᠬᠤᠷᠠᠯ ᠳᠤ ᠣᠷᠣᠯᠴᠠᠭᠰᠠᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠠ ᠰᠠᠬᠢᠨ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠶᠢ ᠤᠷᠢᠶᠠᠯᠠᠵᠠᠢ︔ ᠬᠤᠰᠢᠭᠤ ᠡᠪᠯᠡᠯ ᠤᠨ ᠬᠤᠷᠢᠶᠠᠨ ᠤ ᠳᠡᠳ᠋ ᠱᠦᠵᠢ ᠰᠦᠨ ᠶᠤᠸᠠᠢ ᠠᠴᠠ ︽ᠤᠮᠠᠷᠠᠲᠤ ᠬᠢᠯᠢ ᠶᠢᠨ ᠵᠠᠯᠠᠭᠤᠴᠤᠳ ᠤᠨ ᠵᠢᠳᠬᠦᠯ ︾ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠲᠠ ᠪᠠ ᠠᠬᠢᠭᠤᠯᠤᠯᠲᠠ ᠳᠤ ᠬᠡᠷᠬᠢᠨ ᠲᠦᠰᠢᠭᠯᠡᠵᠦ᠂ ᠵᠠᠯᠠᠭᠤᠴᠤᠳ ᠢ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠳᠦᠯᠦᠨ ᠵᠢᠯᠣᠭᠤᠳᠴᠠᠢ︔ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠯᠢ ᠭᠦᠸᠧ ᠸᠧᠢ ᠠᠴᠠ ᠨᠡᠶᠢᠭᠡᠮᠯᠢᠭ ᠤᠨ ᠦᠢᠯᠡᠳᠦᠯ ᠢᠶᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠢ ᠪᠥᠭᠡᠳ ᠪᠤᠳᠠᠳᠠᠶᠢᠵᠢᠭᠤᠯᠬᠤ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠠᠢ︔ ᠬᠤᠪᠢ ᠶᠢᠨ ᠵᠠᠭᠤᠴᠢᠯᠠᠭᠤᠷᠴᠢ ᠤᠶᠠᠩᠭ᠎ᠠ ᠠᠴᠠ ᠡᠯᠧᠺᠲᠷᠣᠨ ᠬᠤᠳᠠᠯᠳᠤᠭᠠᠨ ᠤ ᠲᠠᠪᠴᠠᠩ ᠤᠨ ᠳᠠᠪᠠᠭᠤᠯᠢᠭ ᠢ ᠠᠰᠢᠭᠯᠠᠨ᠂ ᠦᠢᠯᠡᠰ ᠴᠣᠭᠴᠠᠯᠠᠭᠴᠢᠳ ᠢ ᠪᠣᠷᠤᠯᠠᠭᠤᠯᠭ᠎ᠠ ᠶᠢᠨ ᠵᠠᠮ ᠢ ᠥᠷᠭᠡᠳᠬᠡᠬᠦ ᠵᠡᠷᠭᠡ ᠲᠠᠯ᠎ᠠ ᠪᠠᠷ ᠬᠢ ᠰᠡᠳᠬᠢᠮᠵᠢ ᠬᠠᠪᠰᠤᠷᠤᠯᠭ᠎ᠠ ᠬᠠᠩᠭᠠᠵᠤ᠂ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢᠳ ᠠᠴᠠ ᠦᠢᠯᠡᠰ ᠴᠤᠭᠴᠠᠯᠠᠯᠳᠠ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠡᠷᠭᠡ ᠲᠠᠯ᠎ᠠ ᠪᠠᠷ ᠬᠥᠭᠵᠢᠶᠡᠨᠲᠡᠢ ᠶᠠᠷᠢᠯᠴᠠᠭ᠎ᠠ  ᠦᠷᠨᠢᠭᠦᠯᠵᠠᠢ     ᠬᠤᠷᠠᠯ ᠤᠨ ᠲᠠᠷᠠᠭ᠎ᠠ᠂ ᠬᠤᠰᠢᠭᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠦᠢᠢᠯᠡᠳᠪᠦᠷᠢᠯᠡᠯ ᠤᠨ ᠠᠵᠤ ᠦᠢᠯᠡᠰ ᠤᠨ ᠬᠦᠷᠢᠶᠡᠯᠡᠩ᠂ ᠪᠠᠷᠠᠭᠤᠨ ᠦᠵᠦᠮᠦᠴᠢᠨ ᠬᠤᠰᠢᠭᠤᠨ ᠤ ᠨᠢᠭᠡ ᠥᠷᠳᠡᠭᠡ ᠮᠠᠶ᠋ᠢᠭ ᠤᠨ ᠬᠤᠳᠠᠯᠳᠤᠭᠠᠨ ᠤ ᠲᠥᠪ ᠪᠠ ᠠᠷᠢᠭᠤᠨ ᠰᠠᠭᠠᠯᠢ ᠴᠠᠭᠠᠨ ᠢᠳᠡᠭᠡᠨ ᠤ ᠺᠣᠮᠫᠠᠨᠢ ᠳᠤ ᠬᠦᠷᠴᠦ ᠲᠣᠭᠤᠷᠢᠨ ᠦᠵᠡᠭᠰᠡᠨ ᠤ ᠬᠠᠮᠳᠤ ᠬᠦᠷᠢᠶᠡᠯᠡᠩ ᠲᠣᠭᠤᠷᠢᠭ ᠤᠨ ᠬᠦᠭᠵᠢᠯᠳᠡ  ᠶᠢᠨ ᠲᠥᠯᠦᠪᠵᠢᠭᠦᠯᠭᠡ ᠵᠢᠴᠢ ᠦᠠᠳᠦᠰᠦᠳᠡᠨ ᠤ ᠪᠦᠳᠦᠭᠡᠭᠳᠡᠭᠦᠨ ᠦᠠᠳᠦᠰᠦᠳᠡᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠦᠨᠳᠦᠰᠦᠲᠡᠨ ᠨᠦᠭᠦᠳ ᠤᠨ ᠬᠤᠳᠠᠯᠳᠤᠭᠠᠴᠢᠳ ᠤᠨ ᠰᠣᠯᠢᠯᠴᠠᠭ᠎ᠠ ᠪᠠᠨ ᠴᠢᠩᠭᠠᠳᠬᠠᠨ᠂ ᠬᠠᠷᠢᠯᠴᠠᠨ ᠲᠤᠷᠰᠢᠯᠭ᠎ᠠ ᠰᠣᠯᠢᠯᠴᠠᠵᠤ᠂ ᠭᠠᠷ ᠬᠤᠯᠪᠣᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠵᠣᠷᠢᠭᠵᠢᠭᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号