ᠪᠠᠷᠠᠭᠤᠨ ᠦᠵᠦᠮᠦᠴᠢᠨ ᠬᠤᠰᠢᠭᠤ ᠬᠤᠶᠠᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ ᠤᠷᠤᠯᠳᠤᠭᠠᠨ ᠡᠷᠬᠢᠯᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠨᠠᠰᠤᠲᠠᠶᠢᠴᠤᠳ ᠤᠨ ᠡᠭᠦᠳᠡᠨ ᠪᠥᠮᠪᠦᠭᠡ  ᠶᠢᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠨᠠᠰᠤᠲᠠᠶᠢᠴᠤᠳ ᠤᠨ ᠬᠥᠳᠡᠯᠭᠡᠭᠡᠨ ᠤ ᠲᠥᠪ ᠤᠨ ᠡᠭᠦᠳᠡᠨ ᠪᠥᠮᠪᠥᠭᠡᠨ ᠲᠠᠯᠠᠪᠠᠶ ᠳᠤ  ᠶᠠᠪᠤᠭᠳᠠᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ  ᠶᠢ ᠪᠡᠯᠭᠡᠯᠡᠪᠡ᠃    ᠤᠷᠤᠯᠳᠤᠭᠠᠨ ᠨᠢ ᠥᠯᠵᠡᠢ ᠪᠡᠯᠭᠡ ᠲᠠᠢ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠶᠠᠪᠤᠭᠳᠠᠨ᠂ ᠪᠦᠬᠦ ᠬᠤᠰᠢᠭᠤᠨ ᠤ ᠨᠠᠰᠤᠲᠠᠶᠢᠴᠤᠳ ᠤᠨ ᠤᠷ᠎ᠠ ᠮᠡᠷᠭᠡᠵᠢᠯ ᠪᠠ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠡᠭᠦᠳᠡᠨ ᠪᠥᠮᠪᠦᠭᠡ ᠶᠢᠨ ᠬᠥᠳᠡᠯᠭᠡᠭᠡᠨ ᠢ ᠥᠷᠨᠢᠭᠦᠯᠬᠦ ᠪᠠ ᠡᠭᠦᠳᠡᠨ ᠪᠥᠮᠪᠦᠭᠡ ᠶᠢᠨ ᠡᠩᠨᠡᠭᠡ ᠶᠢ ᠪᠤᠵᠠᠭᠠᠶᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠦᠢᠯᠠᠳᠣᠯ ᠭᠠᠷᠭᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠪᠦᠭᠦ ᠬᠤᠰᠢᠭᠤᠨ ᠠᠴᠠ ᠢᠷᠡᠭᠰᠡᠨ 10 ᠲᠦᠯᠤᠬᠡᠯᠡᠭᠴᠢ ᠶᠢᠨ ᠠᠩᠭᠢ᠂ ᠡᠭᠦᠳᠡᠨ ᠪᠥᠮᠪᠦᠭᠡ ᠳᠤ ᠪᠠᠭ᠋ᠠᠲᠠᠢ 35 ᠬᠥᠮᠥᠨ ᠤᠷᠤᠯᠳᠤᠭᠠᠨ ᠳᠤ ᠣᠷᠣᠯᠴᠠᠵᠠᠢ᠃ ᠲᠣᠰ ᠤᠳᠠᠭᠠᠨ ᠤ ᠡᠭᠦᠳᠡᠨ ᠪᠥᠮᠪᠦᠭᠡ ᠶᠢᠨ ᠤᠷᠤᠯᠳᠤᠭᠠᠨ ᠨᠢ ᠢᠳᠡᠷ ᠥᠲᠡᠯᠦᠭᠡ ᠨᠠᠰᠤᠨ ᠤ ᠬᠥᠮᠥᠰ ᠤᠨ ᠪᠡᠶ᠎ᠡ ᠶᠢᠨ ᠲᠠᠮᠢᠷ ᠢᠶᠠᠷ ᠪᠡᠶ᠎ᠡ ᠪᠠᠨ ᠴᠢᠭᠢᠷᠠᠭᠵᠢᠭᠤᠯᠬᠤ ᠪᠠᠶᠢᠩᠭᠤ ᠶᠢᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠥᠬᠦ ᠠᠷᠠᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠦᠨ᠂ ᠣᠶᠤᠨ ᠤ ᠪᠠ ᠰᠣᠶᠣᠯ ᠤᠨ ᠠᠮᠢᠳᠤᠷᠠᠯ ᠤᠨ ᠢᠳᠡᠪᠬᠢᠲᠡᠢ ᠪᠥᠭᠡᠳ ᠡᠷᠡᠭᠦᠯ ᠠᠭᠤᠷ ᠠᠮᠢᠰᠬᠤᠯ ᠢ ᠪᠣᠶ ᠪᠣᠯᠭᠠᠬᠤ ᠪᠠᠷ ᠵᠤᠷᠢᠯᠭ᠎ᠠ ᠪᠠᠨ ᠪᠤᠯᠭᠠᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号