ᠬᠤᠭᠤᠯᠠᠲᠤ ᠶᠢᠨ ᠭᠤᠣᠯ ᠪᠠᠯᠭᠠᠰᠤ ᠯᠢᠨᠰᠢ ᠰᠢᠶᠠᠨ ᠤ ᠲᠦᠩᠪᠦ᠋ ᠪᠠᠯᠭᠠᠰᠤ ᠲᠠᠢ ᠬᠠᠮᠲᠤ ᠪᠠᠷ ᠪᠠᠶᠢᠭᠤᠯᠵᠤ ᠬᠠᠮᠲᠤᠷᠠᠨ ᠡᠭᠦᠳᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
     9 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤ ᠪᠣᠯᠣᠨ ᠯᠢᠨᠰᠢ ᠰᠢᠶᠠᠨ ᠤ ᠲᠦᠩᠪᠦ᠋ ᠪᠠᠯᠭᠠᠰᠤ ᠬᠠᠮᠲᠤᠷᠠᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠬᠠᠮᠲᠤ ᠪᠠᠷ ᠪᠠᠶᠢᠭᠤᠯᠵᠤ ᠬᠠᠮᠲᠤᠷᠠᠨ ᠡᠭᠦᠳᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠴᠢᠨᠠᠭᠰᠢᠳᠠ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠵᠤ᠂ ᠬᠤᠶᠠᠷ ᠭᠠᠵᠠᠷ ᠤᠨ ᠰᠣᠶᠣᠯ ᠤᠨ ᠰᠣᠯᠢᠯᠴᠠᠭᠠᠨ ᠤ ︽ᠬᠥᠭᠦᠷᠭᠡ︾ ᠶᠢ ᠪᠠᠶᠢᠭᠤᠯᠵᠤ᠂ ᠬᠤᠶᠠᠷ ᠭᠠᠵᠠᠷ ᠣᠷᠣᠨ ᠤ ᠤᠯᠠᠨ ᠲᠦᠮᠡᠨ ᠤ ᠬᠠᠷᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠠᠢ᠃ ᠬᠤᠶᠠᠷ ᠭᠠᠵᠠᠷ ᠤᠨ ᠨᠢᠭᠡᠳᠦᠮᠡᠯ ᠹᠷᠣᠨᠲ ᠤᠨ ᠠᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠣᠳᠠᠰ ᠤᠨ ᠪᠤᠰᠤ ᠰᠣᠶᠣᠯ ᠤᠨ ᠥᠪᠯᠡᠨ ᠤᠯᠠᠮᠵᠢᠯᠠᠭᠴᠢ᠂ ᠤᠯᠠᠨ ᠲᠦᠮᠡᠨ ᠤ ᠲᠥᠯᠥᠭᠡᠯᠡᠭᠴᠢ ᠂ ᠰᠣᠶᠣᠯ ᠤᠨ ᠡᠭᠦᠳᠦᠯᠲᠡ ᠳᠤ ᠪᠠᠭ᠋ᠠᠲᠠᠢ ᠬᠥᠮᠥᠰ ᠵᠡᠷᠭᠡ 30 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠡᠬᠢᠯᠡᠬᠦ ᠳᠤ᠂ ᠬᠤᠭᠤᠯᠠᠲᠤ ᠶᠢᠨ ᠭᠤᠣᠯ ᠪᠠᠯᠭᠠᠰᠤᠨ ᠤ ᠲᠥᠯᠥᠭᠡᠯᠡᠭᠴᠢᠳ ᠯᠢᠨᠰᠢ ᠰᠢᠶᠠᠨ ᠤ ᠲᠦᠩᠪᠦ᠋ ᠪᠠᠯᠭᠠᠰᠤᠨ ᠤ ᠰᠢᠶᠣᠣ ᠵᠢᠩ ᠽᠢ ᠲᠣᠰᠬᠤᠨ ᠤ ᠡᠷᠳᠡᠨᠢ ᠰᠢᠰᠢ ᠶᠢᠨ ᠬᠠᠯᠢᠰᠤᠨ ᠤ ᠰᠣᠶᠣᠯ ᠤᠨ ᠡᠭᠦᠳᠦᠯᠲᠡ ᠶᠢᠨ ᠦᠵᠡᠭᠦᠯᠦᠯᠭᠡ ᠶᠢᠨ ᠲᠠᠩᠬᠢᠮ ᠢᠶᠠᠷ ᠲᠣᠭᠤᠷᠢᠨ ᠦᠵᠡᠪᠡ᠃ ᠦᠵᠡᠭᠦᠯᠦᠯᠭᠡ ᠶᠢᠨ ᠲᠠᠩᠬᠢᠮ ᠳᠠᠬᠢ ᠨᠠᠷᠢᠯᠢᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠨᠢ ᠣᠯᠠᠨ ᠤ ᠠᠩᠬᠠᠷᠤᠯ ᠢ ᠲᠠᠲᠠᠵᠤ᠂ ᠡᠷᠳᠡᠨᠢ ᠰᠢᠰᠢ ᠶᠢᠨ ᠬᠠᠯᠢᠰᠤ ᠪᠠᠷ ᠨᠡᠬᠡᠭᠰᠡᠨ ᠤᠷᠠᠯᠢᠭ ᠤᠨ ᠪᠦᠲᠦᠭᠡᠯ ᠤᠨ ᠬᠡᠯᠪᠡᠷᠢ ᠳᠦᠷᠰᠦ ᠨᠢ ᠶᠠᠩᠵᠤ ᠪᠦᠷᠢ ᠶᠢᠨ ᠪᠥᠭᠡᠳ ᠠᠮᠢᠳᠤ ᠳᠦᠷᠰᠦᠯᠢᠭ ᠪᠠᠶᠢᠵᠤ᠂ ᠪᠦᠲᠦᠭᠡᠯᠴᠢ ᠰᠠᠨᠠᠭ᠎ᠠ ᠪᠠ ᠠᠮᠢᠳᠤᠷᠠᠯ ᠤᠨ ᠠᠭᠤᠷ ᠠᠮᠢᠰᠬᠤᠯ ᠢᠶᠠᠷ ᠪᠢᠯᠬᠠᠮ᠎ᠠ ᠭᠠᠷ ᠤᠷᠠᠯᠠᠯ ᠤᠨ ᠪᠦᠲᠦᠭᠡᠭᠳᠡᠬᠦᠨ ᠨᠢ ᠲᠤᠰ ᠭᠠᠵᠠᠷ ᠣᠷᠣᠨ ᠤ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ᠂ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠪᠠ ᠭᠤᠶᠢᠳᠠ ᠰᠠᠶᠢᠬᠠᠨ ᠤᠷ᠎ᠠ ᠮᠡᠷᠭᠡᠵᠢᠯ ᠢ ᠬᠠᠷᠠᠭᠤᠯᠵᠠᠢ᠃    ᠳᠠᠷᠠᠭ᠎ᠠ ᠨᠢ᠂ ᠬᠤᠭᠤᠯᠠᠲᠤ ᠶᠢᠨ ᠭᠤᠣᠯ ᠪᠠᠯᠭᠠᠰᠤᠨ ᠤ ᠪᠣᠳᠠᠰ ᠤᠨ ᠪᠤᠰᠤ ᠰᠣᠶᠣᠯ ᠤᠨ ᠥᠪᠯᠡᠨ ᠤᠯᠠᠮᠵᠢᠯᠠᠭᠴᠢᠳ ᠤᠯᠠᠮᠵᠢᠯᠠᠯᠲᠤ ᠦᠵᠦᠮᠦᠴᠢᠨ ᠭᠠᠷ ᠤᠷᠠᠯᠠᠯ ᠢᠶᠠᠨ ᠳᠡᠯᠭᠡᠨ ᠦᠵᠡᠭᠦᠯᠵᠡᠢ᠃ ᠨᠠᠷᠢᠯᠢᠭ ᠪᠦᠲᠦᠭᠡᠯ᠂ ᠤᠷᠠᠨ ᠣᠶᠣᠳᠠᠯ᠂ ᠭᠤᠶᠢᠳᠠ ᠰᠠᠶᠢᠬᠠᠨ ᠥᠩᠭᠡ ᠪᠤᠳᠤᠭ ᠨᠢ ᠦᠵᠦᠮᠦᠴᠢᠨ ᠬᠠᠳᠬᠤᠮᠠᠯ ᠤᠨ ᠤᠷ᠎ᠠ ᠮᠡᠷᠭᠡᠵᠢᠯ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠢᠯᠡᠷᠡᠭᠦᠯᠵᠡᠢ᠃ ᠳᠡᠯᠭᠡᠨ ᠦᠵᠡᠭᠦᠯᠦᠯᠭᠡ ᠨᠢ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠳᠤ  ᠥᠩᠭᠡ ᠪᠤᠳᠤᠭ ᠨᠡᠮᠡᠷᠢᠯᠡᠵᠦ᠂ ᠬᠤᠶᠠᠷ ᠲᠠᠯ᠎ᠠ ᠪᠠᠷ ᠢᠶᠠᠨ ᠭᠠᠷ ᠤᠷᠠᠯᠠᠯ ᠤᠨ ᠤᠷ᠎ᠠ ᠮᠡᠷᠭᠡᠵᠢᠯ ᠪᠠ ᠰᠣᠶᠣᠯ ᠤᠨ ᠤᠯᠠᠮᠵᠢᠯᠠᠯ ᠤᠨ ᠲᠠᠯ᠎ᠠ ᠪᠠᠷ ᠭᠦᠨᠵᠡᠭᠡᠢ ᠰᠣᠯᠢᠯᠴᠠᠭ᠎ᠠ ᠬᠢᠭᠰᠡᠨ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠡ ᠨᠢ ᠬᠤᠭᠤᠯᠠᠲᠤ ᠶᠢᠨ ᠭᠤᠣᠯ ᠪᠠᠯᠭᠠᠰᠤ ᠪᠣᠯᠣᠨ ᠲᠦᠩᠪᠦ᠋ ᠪᠠᠯᠭᠠᠰᠤᠨ ᠤ ᠰᠣᠶᠣᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠥᠭᠡᠳ ᠬᠤᠶᠠᠷ ᠭᠠᠵᠠᠷ ᠤᠨ ᠤᠯᠠᠨ ᠲᠦᠮᠡᠨ ᠤ ᠤᠷ᠎ᠠ ᠮᠡᠷᠭᠡᠵᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠬᠥᠮᠥᠨ ᠪᠦᠬᠦᠨ ᠢ ᠦᠨᠳᠦᠰᠦᠲᠡᠨ ᠤ ᠪᠦᠯᠬᠦᠮᠳᠡᠯ ᠤᠨ ᠤᠬᠠᠭᠤᠯᠤᠭᠴᠢ ᠪᠣᠯᠭᠠᠭᠰᠠᠨ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢᠶᠠᠷ ᠬᠤᠯᠪᠣᠭᠠᠰᠤ ᠪᠣᠯᠭᠠᠵᠤ᠂ ᠵᠡᠷᠭᠡᠯᠡᠳᠡᠭᠡ ᠬᠤᠰᠢᠭᠤ ᠰᠢᠶᠠᠨ ᠯᠤᠭ᠎ᠠ ᠪᠠᠨ ᠬᠤᠯᠪᠤᠭᠠᠯᠠᠨ ᠰᠢᠨ᠎ᠡ ᠶᠢ ᠡᠭᠦᠳᠴᠦ ᠬᠠᠮᠲᠤᠷᠠᠨ ᠪᠦᠲᠦᠭᠡᠨ ᠪᠠᠶᠢᠭᠤᠯᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠲᠣᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号