ᠪᠠᠶ᠋ᠬᠠᠭᠤᠯᠠ ᠨᠡᠶᠢᠭᠡᠮ ᠲᠣᠭᠤᠷᠢᠭ ᠨᠢ ᠬᠠᠷᠢᠶ᠎ᠠ ᠤᠷᠤᠨ ᠤ ᠥᠨᠳᠥᠷ ᠨᠠᠰᠤᠲᠠᠳ ᠲᠤ ᠲᠦᠭᠦᠮ ᠲᠦᠳᠡ ᠦᠢᠯᠡᠴᠢᠯᠡᠭᠡ ᠬᠠᠨᠭ᠍ᠭᠠᠵᠦ ᠪᠤᠢ
ᠨᠡᠶᠢᠲᠡᠯᠡᠭᠰᠡᠨ ᠴᠠᠭ᠄
2024/10/8
   ᠣᠶᠢᠷ᠎ᠠ ᠳᠤ᠂ ᠪᠠᠯᠭᠠᠷᠭᠤᠤᠯ ᠪᠠᠯᠭᠠᠰᠤᠨ ᠤ ᠪᠠᠶ᠋ᠬᠠᠭᠤᠯᠠ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠮᠠᠨ ᠠᠪᠠᠭ᠎ᠠ ᠬᠥᠳᠡᠯᠵᠦ ᠪᠠᠷᠢᠬᠤ ᠳᠤ ᠳᠥᠭᠦᠮ ᠦᠭᠡᠢ ᠮᠥᠷᠲᠡᠭᠡᠨ ᠭᠠᠷ ᠤᠲᠠᠰᠤ ᠬᠡᠷᠡᠭᠯᠡᠵᠦ ᠴᠢᠳᠠᠬᠤ ᠦᠭᠡᠢ ᠠᠴᠠ ᠥᠨᠳᠥᠷ ᠨᠠᠰᠤᠲᠠᠨ ᠤ ᠭᠡᠷᠡᠴᠢᠯᠡᠭᠡ ᠬᠢᠵᠦ ᠴᠢᠳᠠᠬᠤ ᠦᠭᠡᠢ ᠭᠡᠵᠦ ᠨᠡᠶᠢᠭᠡᠮ ᠲᠤᠭᠤᠷᠢᠭ ᠲᠠᠭᠠᠨ ᠭᠤᠶᠤᠴᠢᠯᠠᠯ ᠲᠡᠪᠰᠢᠭᠦᠯᠵᠠᠢ᠂ ᠮᠠᠨ ᠠᠪᠠᠭ᠎ᠠ ᠶᠢᠨ ᠭᠤᠶᠤᠴᠢᠯᠠᠯ ᠢ ᠳᠤᠰᠤᠭᠰᠠᠨ ᠤ ᠳᠠᠷᠠᠭ᠎ᠠ᠂ ᠪᠠᠶ᠋ᠬᠠᠭᠤᠯᠠ ᠨᠡᠶᠢᠭᠡᠮ ᠲᠣᠭᠤᠷᠢᠭ ᠤᠨ  ᠠᠵᠢᠯᠲᠠᠨ ᠨᠢ  ᠮᠠᠨ ᠠᠪᠠᠭ᠎ᠠ ᠵᠢᠨ‌ᠥᠨᠳᠥᠷ ᠨᠠᠰᠤᠨ ᠤ ᠨᠥᠬᠦᠪᠥᠷᠢ ᠶᠢ ᠴᠠᠭ ᠲᠤᠬᠠᠶ ᠳᠤᠨᠢ ᠣᠯᠭᠤᠬᠤ ᠶᠢᠨ ᠲᠤᠰᠠᠳᠠ᠂  ᠬᠡᠷ ᠲᠤᠨᠢ ᠬᠦᠷᠴᠦ  ᠭᠡᠷᠡᠴᠢᠯᠡᠯ  ᠬᠢᠵᠦ ᠦᠭᠭᠦᠭᠰᠡᠨ ᠪᠠᠶᠢᠨ᠎ᠠ  ᠃    ᠤᠶᠢᠯᠭᠠᠭᠰᠠᠨ ᠢᠶᠠᠷ ᠨᠡᠶᠢᠭᠡᠮ ᠲᠣᠭᠤᠷᠢᠭ ᠤᠨ ᠬᠢᠨ ᠤᠯᠠᠷᠢᠯ ᠪᠦᠷᠢ ᠳᠤ ᠴᠥᠮ ᠬᠠᠷᠢᠶ᠎ᠠ ᠣᠷᠣᠨ ᠤ ᠪᠠᠨ ᠥᠨᠳᠥᠷ ᠨᠠᠰᠤᠲᠠᠶᠢᠴᠤᠳ ᠲᠤ ᠭᠡᠷᠡᠴᠢᠯᠡᠯ ᠬᠢᠳᠡᠭ᠃ ᠥᠨᠳᠥᠷ ᠨᠠᠰᠤᠲᠠᠶᠢᠴᠤᠳ ᠪᠡᠶ᠎ᠡ ᠶᠢᠨ ᠦᠨᠡᠮᠯᠡᠯ ᠢᠶᠠᠨ ᠠᠪᠴᠤ ᠨᠡᠶᠢᠭᠡᠮ ᠲᠣᠭᠤᠷᠢᠭ ᠲᠤ ᠣᠴᠢᠵᠤ ᠭᠡᠷᠡᠴᠢᠯᠡᠯ ᠤᠨ ᠭᠠᠷ ᠭᠦᠢᠴᠡᠳᠬᠡᠯ ᠬᠢᠵᠦ ᠪᠣᠯᠤᠨ᠎ᠠ᠃ ᠭᠠᠳᠠᠷ ᠤᠷᠤᠨ ᠳᠤ ᠰᠠᠭᠤᠷᠢᠰᠢᠭᠰᠠᠨ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠰᠢᠯᠲᠠᠭᠠᠨ ᠠᠴᠠ ᠪᠤᠯᠵᠤ ᠭᠡᠷᠡᠴᠢᠯᠡᠬᠦ ᠪᠠᠷ ᠢᠷᠡᠬᠦ ᠶᠢᠨ ᠠᠷᠭ᠎ᠠ ᠦᠭᠡᠢ ᠨᠠᠰᠤᠲᠠᠶᠢᠴᠤᠳ ᠲᠤ ᠨᠡᠶᠢᠭᠡᠮ ᠲᠣᠭᠤᠷᠢᠭ ᠠᠴᠠ ᠰᠢᠯᠵᠢᠮᠡᠯ ᠦᠢᠯᠡᠴᠢᠯᠡᠭᠡ  ᠬᠠᠨᠭ᠍ᠭᠠᠬᠤ ᠪᠤᠶᠤ ᠭᠡᠷ ᠡᠷᠤᠭᠡ ᠪᠠᠷ ᠨᠢ ᠬᠦᠷᠴᠦ ᠭᠡᠷᠡᠴᠢᠯᠡᠭᠡ ᠬᠢᠵᠦ ᠦᠭᠴᠦ᠂ ᠨᠠᠰᠤᠲᠠᠶᠢᠴᠤᠳ ᠲᠤ ᠳᠥᠭᠦᠮ ᠳᠥᠲᠡ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠥᠨᠳᠥᠷ ᠨᠠᠰᠤᠲᠠᠢ ᠨᠠᠰᠤᠲᠠᠨ ᠨᠢᠭᠡᠪᠦᠷᠢ ᠴᠥᠮ ᠭᠡᠷᠡᠴᠢᠯᠡᠯ ᠤᠨ ᠠᠵᠢᠯ ᠢᠶᠠᠨ ᠴᠠᠭ ᠲᠤᠬᠠᠢ ᠳᠤᠨᠢ ᠪᠡᠶᠡᠯᠡᠭᠦᠯᠬᠦ ᠶᠢ  ᠪᠠᠳᠤᠯᠠᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号