ᠪᠠᠷᠠᠭᠤᠨ ᠦᠵᠦᠮᠦᠴᠢᠨ ᠬᠤᠰᠢᠭᠤ  ᠦᠵᠦᠮᠦᠴᠢᠨ ᠬᠤᠨᠢ ᠰᠣᠩᠭᠤᠨ ᠪᠣᠶᠢᠵᠢᠭᠤᠯᠬᠤ ᠠᠵᠢᠯ ᠢ ᠦᠷᠨᠢᠬᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/10/8
     8 ᠳ᠋ᠣᠭᠠᠷ ᠰᠠᠷ᠎ᠠ ᠠᠴᠠ ᠡᠬᠢᠯᠡᠨ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠣ ᠠᠬᠤᠢ ᠶᠢᠨ ᠠᠵᠢᠯᠯᠠᠬᠤ ᠦᠷᠳᠡᠭᠡ ᠨᠢ ᠡᠯ᠎ᠡ ᠰᠣᠮᠣ ᠪᠠᠯᠭᠠᠰᠣᠨ ᠤ ᠮᠠᠯ ᠠᠵᠣ ᠠᠬᠤᠢ ᠶᠢᠨ ᠮᠡᠷᠭᠡᠵᠢᠯ ᠲᠦᠭᠡᠮᠡᠯᠵᠢᠬᠦᠯᠬᠦ ᠦᠢᠯᠡᠴᠢᠯᠡᠭᠡᠨ ᠤ ᠲᠦᠪ᠂ ᠥᠪᠦᠷ ᠮᠣᠩᠭᠤᠯ ᠤᠨ ᠬᠤᠣ ᠺᠣᠸᠠᠢ ᠰᠢᠨᠵᠢᠯᠡᠭᠡ ᠮᠡᠷᠭᠡᠵᠢᠯ ᠤᠨ ᠬᠢᠵᠠᠭᠠᠷᠳᠣ ᠺᠣᠮᠫᠠᠨᠢ ᠲᠠᠢ ᠬᠠᠮᠳᠣᠷᠠᠨ ︿ᠦᠵᠦᠮᠦᠴᠢᠨ ᠬᠤᠨᠢᠨ ᠤ ᠣᠯᠣᠰ ᠤᠨ ᠪᠠᠷᠢᠮᠵᠢᠶ᠎ᠠ﹀ ᠶᠣᠰᠣᠭᠠᠷ ᠬᠤᠨᠢᠨ ᠤ ᠪᠡᠶ᠎ᠡ ᠭᠠᠳᠠᠷ ᠤᠨ ᠠᠤᠲᠴᠢᠯᠠᠭᠰᠠᠨ ᠬᠡᠮᠵᠢᠬᠦᠷ ᠢ ᠠᠰᠢᠭᠯᠠᠨ᠂ ᠪᠦᠬᠦ ᠬᠤᠰᠢᠭᠤᠨ ᠤ 18 ᠦᠵᠦᠮᠦᠴᠢᠨ ᠬᠤᠴᠠᠨ ᠤ ᠦᠷᠭᠡᠳᠬᠡᠨ ᠪᠣᠶᠢᠵᠢᠭᠤᠯᠬᠤ ᠲᠡᠯᠡᠪᠡᠢ ᠶᠢᠨ 3910 ᠲᠣᠯᠣᠭᠠᠢ ᠬᠤᠴᠠᠨ ᠳᠤ ᠬᠢᠨᠡᠨ ᠲᠣᠭᠳᠠᠭᠠᠯ ᠬᠢᠵᠦ᠂ ᠡᠭᠦᠨ ᠳᠤ ᠬᠢᠷᠢ ᠲᠡᠩᠴᠡᠭᠰᠡᠨ ᠬᠤᠴᠠ 3708 ᠲᠣᠯᠣᠭᠠᠢ᠂ ᠬᠢᠷᠢ ᠲᠡᠩᠴᠡᠭᠰᠡᠨ ᠨᠣᠷᠮ᠎ᠠ 95% ᠳᠤ ᠬᠦᠷᠴᠦ  ᠬᠢᠷᠢ ᠲᠡᠩᠴᠡᠭᠰᠡᠨ ᠬᠤᠴᠠᠨ ᠳᠤ ᠡᠭᠡᠮᠦᠭ ᠵᠡᠭᠦᠯᠭᠡᠵᠦ᠂ ᠲᠠᠩᠰᠠ ᠡᠪᠬᠡᠮᠡᠯ ᠪᠠᠶᠢᠭᠤᠯᠬᠤ ᠠᠵᠢᠯ ᠢᠶᠠᠨ ᠪᠦᠬᠦ ᠲᠠᠯ᠎ᠠ ᠪᠠᠷ ᠬᠦᠢᠴᠡᠳᠭᠡᠭᠰᠡᠨ ᠪᠠᠶᠢᠨ᠎ᠠ᠃ ᠮᠥᠨ ᠴᠦ ᠪᠡᠯᠡᠳᠬᠡᠯ ᠬᠤᠴᠠ ᠬᠤᠷᠠᠭ᠎ᠠ 11000 ᠲᠣᠯᠣᠭᠠᠢ᠂  ᠪᠡᠯᠡᠳᠬᠡᠯ ᠡᠬᠡ ᠮᠠᠯ 5000 ᠲᠣᠯᠣᠭᠠᠢ ᠶᠢ ᠲᠣᠰᠪᠣᠷᠢ ᠰᠣᠩᠭᠤᠨ ᠦᠯᠡᠳᠡᠭᠡᠵᠦ᠂ ᠡᠨᠡ ᠵᠢᠯ ᠤᠨ ᠪᠡᠯᠡᠳᠬᠡᠯ ᠠᠵᠢᠯ ᠢᠶᠠᠨ ᠠᠮᠵᠢᠯᠲᠠ ᠲᠠᠢ ᠲᠠᠭᠤᠰᠬᠠᠭᠰᠠᠨ ᠪᠠᠶᠢᠨ᠎ᠠ᠃     ᠣᠶᠢᠷ᠎ᠠ ᠶᠢᠨ ᠵᠢᠯ ᠦᠵᠦᠮᠦᠴᠢᠨ ᠬᠤᠨᠢ ᠨᠢ ᠣᠯᠣᠰ ᠤᠨ ᠮᠠᠯ ᠵᠢᠬᠦᠷᠳᠡᠨ ᠤ ᠣᠳᠣᠮᠯᠠᠯ ᠤᠨ ᠡᠬᠢ ᠪᠠᠶᠠᠯᠢᠭ ᠤᠨ ᠲᠦᠷᠦᠯ ᠵᠦᠢᠯ ᠤᠨ ᠪᠦᠷᠢᠳᠬᠡᠯ ᠳᠤ ᠣᠷᠣᠭᠰᠠᠨ ᠠᠴᠠ ᠨᠠᠰᠢ  ︽ᠮᠠᠯ ᠠᠵᠣ ᠠᠬᠤᠢ ᠶᠢᠨ ᠬᠦᠭᠵᠢᠯᠲᠡ ᠳᠤ ᠰᠢᠯᠢᠳᠡᠭ ᠡᠭᠦᠯᠳᠡᠷ ᠢ ᠣᠷᠢᠳᠠᠪᠠᠷ ᠬᠦᠭᠵᠢᠬᠦᠯᠬᠦ︾ ᠣᠯᠠᠭᠠᠭᠳᠠᠬᠤᠨ ᠢ ᠬᠡᠷᠡᠭᠵᠢᠬᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ ᠦᠵᠦᠮᠦᠴᠢᠨ ᠬᠤᠨᠢᠨ ᠤ ᠲᠣᠭᠠᠴᠢᠯᠠᠭᠰᠠᠨ ᠪᠣᠶᠢᠵᠢᠭᠤᠯᠣᠯᠲᠠ ᠶᠢᠨ ᠰᠢᠰᠲ᠋ᠧᠮ ᠤᠨ ᠲᠦᠰᠦᠯ  ︵2023 —2027 ᠣᠨ︶︾ ᠢ ᠲᠣᠭᠳᠠᠭᠠᠵᠣ᠂ ᠲᠦᠷᠦ ᠶᠢᠨ ᠪᠣᠳᠣᠯᠭ᠎ᠠ ᠪᠠᠷ ᠬᠦᠳᠦᠯᠦᠨ ᠲᠠᠭᠠᠭᠤᠯᠬᠤ ᠪᠠᠷ ᠲᠠᠮᠵᠢᠨ ᠰᠣᠳᠣᠯᠭᠠᠨ ᠤ ᠨᠢᠭᠡᠴᠡ  ᠲᠠᠢ ᠬᠠᠮᠳᠣᠷᠠᠵᠣ᠂ ᠦᠵᠦᠮᠦᠴᠢᠨ ᠬᠤᠨᠢᠨ ᠤ ᠭᠠᠵᠠᠷ ᠣᠷᠣᠨ ᠤ ᠰᠢᠯᠢᠳᠡᠭ ᠡᠭᠦᠯᠳᠡᠷ ᠤᠨ ᠴᠢᠨᠠᠷᠵᠢᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠢ ᠥᠷᠨᠢᠬᠦᠯᠵᠦ᠂ ︿ ᠬᠤᠴᠠᠨ ᠤ ᠲᠠᠯᠠᠪᠠᠢ + ᠥᠷᠭᠡᠳᠬᠡᠨ ᠲᠡᠵᠢᠭᠡᠬᠦ ᠲᠠᠯᠠᠪᠠᠢ + ᠭᠤᠣᠯᠳᠠᠯᠭᠠᠳᠣ ᠰᠦᠷᠦᠭ﹀  ᠭᠡᠬᠦ‍ ᠨᠢᠭᠡ ᠴᠣᠭᠴᠠᠵᠢᠭᠤᠯᠣᠭᠰᠠᠨ ᠰᠣᠪᠣᠷᠭ᠎ᠠ ᠬᠡᠯᠪᠡᠷᠢ ᠶᠢᠨ ᠬᠤᠯᠪᠣᠭᠠᠯᠠᠭᠰᠠᠨ ᠰᠢᠰᠲ᠋ᠧᠮ ᠪᠣᠯᠣᠨ  ︽ᠬᠤᠯᠪᠣᠭᠠᠯᠠᠭᠰᠠᠨ ᠦᠷᠡᠵᠢᠬᠦᠯᠦᠨ ᠪᠣᠶᠢᠵᠢᠭᠤᠯᠬᠤ ᠰᠢᠰᠲ᠋ᠧᠮ + ᠲᠠᠵᠢᠭᠡᠨ ᠦᠷᠡᠵᠢᠬᠦᠯᠬᠦ ᠡᠷᠦᠭᠡ︾ ᠶᠢᠨ ᠰᠢᠲ᠋ᠧᠮ ᠢ ᠪᠠᠶᠢᠭᠤᠯᠵᠠᠢ᠃ ᠮᠥᠨ ᠴᠦ ︽ᠰᠣᠩᠭᠤᠨ ᠪᠣᠶᠢᠵᠢᠭᠤᠯᠬᠤ + ᠭᠧᠨ ᠤ ᠪᠦᠯᠦᠭ ᠤᠨ ᠰᠣᠩᠭᠤᠯᠳᠠ + ᠲᠣᠭᠠᠴᠢᠯᠠᠭᠰᠠᠨ ᠦᠷᠡᠵᠢᠬᠦᠯᠦᠨ ᠪᠣᠶᠢᠵᠢᠭᠤᠯᠬᠤ ᠰᠢᠰᠲ᠋ᠧᠮ︾ ᠤᠨ ᠬᠡᠯᠪᠡᠷᠢ ᠶᠢ  ᠪᠣᠢ ᠪᠣᠯᠭᠠᠨ ᠦᠵᠦᠮᠦᠴᠢᠨ ᠬᠤᠨᠢᠨ ᠤ ᠪᠣᠳᠠᠭᠠᠯᠢ ᠪᠡᠶ᠎ᠡ ᠶᠢᠨ ᠴᠢᠨᠠᠷ ᠪᠣᠯᠣᠨ ᠦᠰᠦᠯᠳᠡ ᠶᠢ  ᠰᠠᠶᠢᠵᠢᠷᠠᠭᠤᠯᠵᠣ᠂ ᠲᠡᠭᠦᠨ ᠤ ᠰᠣᠩᠭᠤᠨ ᠪᠣᠶᠢᠵᠢᠭᠤᠯᠬᠤ ᠦᠷ᠎ᠡ ᠪᠦᠳᠦᠮᠵᠢ ᠶᠢ ᠦᠨᠡᠨᠬᠦ  ᠲᠡᠭᠡᠭᠰᠢᠯᠡᠬᠦᠯᠵᠦ ᠪᠦᠬᠦ ᠠᠶᠢᠮᠠᠭ ᠤᠨ ᠬᠡᠪᠴᠢᠶᠡᠨ ᠳᠠᠬᠢ ᠰᠣᠩᠭᠤᠨ ᠬᠡᠷᠡᠭᠯᠡᠬᠦ ᠠᠷᠭ᠎ᠠ ᠠᠪᠴᠠᠯ ᠤᠨ ᠨᠢᠭᠡ ᠪᠣᠯᠣᠭᠰᠠᠨ ᠪᠠᠶᠢᠳᠠᠭ᠃     ᠣᠳᠣᠬᠠᠨ ᠳᠤ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠨ ᠳᠤ 1 ᠰᠠᠭᠤᠷᠢ ᠦᠵᠦᠮᠦᠴᠢᠨ ᠬᠤᠴᠠᠨ ᠤ ᠲᠠᠯᠠᠪᠠᠢ᠂ 18 ᠰᠠᠭᠤᠷᠢ ᠦᠵᠦᠮᠦᠴᠢᠨ ᠬᠤᠴᠠ ᠥᠷᠭᠡᠳᠬᠡᠨ ᠪᠣᠶᠢᠵᠢᠭᠤᠯᠬᠤ ᠲᠠᠯᠠᠪᠠᠢ᠂ 300 ᠭᠤᠣᠯᠳᠠᠯᠭᠠᠳᠣ ᠰᠦᠷᠦᠭ ᠪᠠᠶᠢᠵᠣ᠂  ᠡᠨᠡᠬᠦ ᠰᠠᠭᠤᠷᠢᠨ ᠲᠡᠭᠡᠷ᠎ᠡ ᠪᠠᠨ  ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠣ ᠠᠬᠤᠢ ᠶᠢᠨ ᠠᠵᠢᠯᠯᠠᠬᠤ ᠦᠷᠳᠡᠭᠡ   ᠨᠢ ᠦᠵᠦᠮᠦᠴᠢᠨ ᠬᠤᠨᠢᠨ ᠤ ᠲᠣᠭᠠᠴᠢᠯᠠᠭᠰᠠᠨ ᠰᠢᠰᠲ᠋ᠧᠮ ᠤᠨ ᠪᠠᠶᠢᠭᠤᠯᠣᠯᠲᠠ ᠶᠢ ᠦᠷᠬᠦᠯᠵᠢᠯᠡᠨ ᠠᠳᠬᠤᠵᠣ᠂ ᠰᠢᠨᠵᠢᠯᠡᠬᠦ ᠣᠬᠠᠭᠠᠨ ᠤ ᠰᠢᠨ᠎ᠡ ᠶᠢ ᠡᠭᠦᠳᠬᠦ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠶᠢ ᠦᠵᠦᠮᠦᠴᠢᠨ ᠬᠤᠨᠢᠨ ᠤ ᠠᠵᠣ   ᠤᠨ ᠬᠦᠭᠵᠢᠯᠲᠡ ᠶᠢᠨ ᠡᠯ᠎ᠡ  ᠭᠤᠭᠴᠣᠭᠠᠨ ᠳᠤ ᠣᠷᠣᠭᠤᠯᠬᠤ ᠶᠢ ᠠᠬᠢᠭᠤᠯᠵᠣ᠂ ᠬᠠᠮᠳᠣᠷᠠᠨ ᠰᠣᠩᠭᠤᠨ ᠪᠣᠶᠢᠵᠢᠭᠤᠯᠬᠤ ᠰᠢᠰᠲ᠋ᠧᠮ ᠢ ᠣᠯᠠᠮ ᠨᠢᠭᠡ ᠠᠯᠬᠤᠮ ᠠᠬᠢᠭᠤᠯᠵᠣ᠂ ᠦᠵᠦᠮᠦᠴᠢᠨ ᠬᠤᠨᠢᠨ ᠤ ᠠᠵᠣ ᠦᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠳᠤ ᠬᠦᠴᠦᠨ ᠵᠢᠳᠬᠦᠯ ᠢᠶᠠᠨ ᠵᠣᠷᠢᠭᠤᠯᠬᠤ ᠪᠠᠷ ᠴᠢᠷᠮᠠᠶᠢᠨ ᠠᠵᠢᠯᠯᠠᠵᠣ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号