ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ︽ᠤᠷᠮ᠎ᠠ ᠪᠠᠭ᠋ᠠᠷᠬᠠᠯᠲᠤ ᠲᠠᠯ᠎ᠠ ᠨᠤᠲᠤᠭ ᠤᠳᠬ᠎ᠠ ᠤᠶᠠᠩᠭᠠᠳᠣ ᠤᠮᠠᠷᠠᠲᠤ ᠬᠢᠯᠢ︾​ ᠭᠡᠬᠦ ᠭᠤᠣᠯ ᠰᠡᠳᠦᠪᠲᠦ ᠵᠢᠷᠤᠭ ᠤᠨ ᠦᠵᠡᠰᠬᠦᠯᠡᠩ ᠡᠷᠬᠢ᠊
ᠨᠡᠶᠢᠲᠡᠯᠡᠭᠰᠡᠨ ᠴᠠᠭ᠄
2024/10/8
                   9 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠣᠯᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠤᠷᠠᠨ ᠵᠢᠷᠤᠭᠴᠢᠳ ᠤᠨ ᠨᠡᠶᠢᠭᠡᠮᠯᠢᠭ ᠠᠴᠠ ᠬᠠᠮᠵᠢᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠤᠷᠠᠨ ᠵᠢᠷᠤᠭᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠤᠷᠮ᠎ᠠ ᠪᠠᠭ᠋ᠠᠷᠬᠠᠯᠳᠣ ᠲᠠᠯ᠎ᠠ ᠨᠤᠲᠤᠭ ᠤᠳᠬ᠎ᠠ ᠤᠶᠠᠩᠭᠠᠳᠣ ᠤᠮᠠᠷᠠᠲᠤ ᠬᠢᠯᠢ︾ ᠭᠡᠬᠦ ᠭᠤᠣᠯ ᠰᠡᠳᠦᠪᠲᠦ ᠵᠢᠷᠤᠭ ᠤᠨ ᠦᠵᠡᠰᠬᠦᠯᠡᠩ  ᠵᠢᠩᠬᠢᠨᠢ ᠪᠠᠷ ᠡᠬᠢᠯᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠡᠬᠢᠯᠡᠬᠦ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ ᠰᠢᠯᠢ ᠶᠢᠨ ᠭᠤᠣᠯ ᠠᠶᠢᠮᠠᠭ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ  ᠲᠠᠯᠢᠨᠬᠦᠦ᠂ ᠰᠢᠯᠢᠩᠬᠤᠲᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠪᠦᠷᠢᠨᠪᠠᠶᠠᠷ ᠵᠡᠷᠭᠡ ᠤᠷᠠᠨ ᠵᠢᠷᠤᠭᠴᠢᠳ ᠣᠷᠣᠯᠴᠠᠵᠠᠢ᠃  ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠠ ᠪᠠᠷᠠᠭᠤᠨ ᠦᠵᠦᠮᠦᠴᠢᠨ ᠬᠤᠰᠢᠭᠤᠨ ᠤ ᠤᠷᠠᠨ ᠵᠢᠷᠤᠭᠴᠢᠳ ᠤᠨ ᠡᠪᠯᠡᠯ ᠤᠨ ᠭᠡᠰᠢᠭᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠲᠣᠰ ᠤᠳᠠᠭᠠᠨ ᠤ ᠵᠢᠷᠤᠭ ᠤᠨ ᠦᠵᠡᠰᠬᠦᠯᠡᠩ ᠢ ᠰᠠᠶᠢᠲᠤᠷ ᠡᠷᠬᠢᠯᠠᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ 2023 ᠣᠨ ᠤ 10 ᠰᠠᠷ᠎ᠠ  ᠠᠴᠠ ᠡᠬᠢᠯᠡᠨ᠂ ᠤᠷᠠᠨ ᠵᠢᠷᠤᠭ ᠤᠨ ᠠᠵᠢᠯᠲᠠᠳ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠤᠲᠠ ᠬᠥᠳᠡᠭᠡ ᠶᠢᠨ ᠦᠨᠳᠦᠰᠦᠨ ᠱᠠᠲᠤᠨ ᠤ ᠦᠢᠯᠡᠳᠪᠦᠷᠢᠯᠡᠯ ᠠᠮᠢᠳᠤᠷᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠭᠦᠯᠦᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ︽ᠤᠷᠮ᠎ᠠ ᠪᠠᠭ᠋ᠠᠷᠬᠠᠯᠳᠣ ᠲᠠᠯ᠎ᠠ ᠨᠤᠲᠤᠭ ᠤᠳᠬ᠎ᠠ ᠤᠶᠠᠩᠭᠠᠳᠣ ᠤᠮᠠᠷᠠᠲᠤ ᠬᠢᠯᠢ︾ ᠭᠡᠬᠦ ᠭᠤᠣᠯ ᠰᠡᠳᠦᠪᠲᠦ ᠵᠣᠬᠢᠶᠠᠨ ᠪᠦᠲᠦᠭᠡᠬᠦ ᠠᠵᠢᠯᠯᠠᠭ᠎ᠠ ᠥᠷᠨᠢᠭᠦᠯᠬᠦ ᠶᠢᠨ ᠬᠠᠮᠲᠤ ᠠᠵᠢᠯ ᠲᠥᠷᠥᠯ ᠤᠨ ᠳᠣᠲᠣᠷᠠᠬᠢ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠰᠡᠳᠦᠪᠲᠦ ᠪᠤᠯᠪᠠᠰᠣᠷᠠᠯ ᠪᠠ ᠵᠢᠯᠣᠭᠤᠳᠤᠯᠭ᠎ᠠ ᠬᠢᠯᠬᠡᠵᠦ᠂  ᠵᠢᠯ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ 21 ᠤᠷᠠᠨ ᠵᠢᠷᠤᠭᠴᠢᠳ ᠨᠡᠶᠢᠲᠡ 140 ᠭᠠᠷᠤᠢ ᠪᠦᠲᠦᠭᠡᠯ ᠵᠣᠬᠢᠶᠠᠨ ᠪᠦᠲᠦᠭᠡᠵᠦ ᠂ 72 ᠪᠦᠲᠦᠭᠡᠯ ᠨᠢ ᠲᠣᠰ ᠤᠳᠠᠭᠠᠨ ᠤ ᠵᠢᠷᠤᠭ ᠤᠨ ᠦᠵᠡᠰᠬᠦᠯᠡᠩ ᠳᠤ ᠰᠣᠩᠭᠤᠭᠳᠠᠨ᠂ ᠰᠢᠯᠢ   ᠶᠢᠨ ᠭᠤᠣᠯ ᠠᠶᠢᠮᠠᠭ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠰᠣᠩᠭᠤᠭᠰᠠᠨ 4 ᠰᠢᠯᠢᠳᠡᠭ ᠪᠦᠲᠦᠭᠡᠯ ᠲᠠᠢ ᠬᠠᠮᠲᠤ ᠦᠵᠡᠰᠬᠦᠯᠡᠩ ᠳᠤ ᠣᠷᠣᠯᠴᠠᠵᠠᠢ᠃     ᠦᠵᠡᠰᠬᠦᠯᠡᠩ ᠳᠤ ᠣᠷᠣᠯᠴᠠᠭᠰᠠᠨ ᠪᠦᠲᠦᠭᠡᠯ ᠨᠢ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠠ ᠠᠮᠢᠳᠤᠷᠠᠯ ᠤᠨ ᠶᠠᠩᠵᠤ ᠪᠦᠷᠢ ᠶᠢᠨ ᠳᠦᠷᠰᠦ ᠪᠠᠶᠢᠳᠠᠯ ᠢ ᠠᠮᠢᠳᠤᠯᠢᠭ ᠢᠶᠠᠷ ᠵᠢᠷᠤᠭᠯᠠᠵᠤ᠂ ᠲᠠᠯ᠎ᠠ ᠨᠤᠲᠤᠭ ᠤᠨ ᠠᠷᠠᠳ ᠲᠦᠮᠡᠨ ᠤ ᠠᠷᠠᠳ ᠤᠨ ᠵᠠᠩ ᠵᠠᠩᠰᠢᠯ ᠪᠠ ᠣᠳᠣᠬᠢᠴᠢᠯᠠᠭᠰᠠᠨ ᠠᠮᠢᠳᠤᠷᠠᠯ ᠤᠨ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠨᠠᠷᠢᠯᠢᠭ ᠵᠢᠷᠤᠭᠯᠠᠨ᠂ ᠤᠷᠠᠯᠢᠭ ᠤᠨ ᠪᠦᠲᠦᠭᠡᠯ ᠤᠨ ᠡᠯᠪᠡᠭ ᠪᠠᠶᠠᠯᠢᠭ ᠤᠶᠤᠨ ᠰᠠᠨᠠᠭᠠᠨ ᠤ ᠠᠭᠤᠯᠤᠭᠳᠠᠬᠤᠨ ᠪᠠ ᠥᠪᠡᠷᠮᠢᠴᠡ ᠰᠣᠶᠣᠯ ᠤᠨ ᠷᠢᠳᠢ ᠰᠢᠳᠢ ᠶᠢ ᠳᠠᠮᠵᠢᠭᠤᠯᠵᠤ᠂ ᠲᠠᠯ᠎ᠠ ᠨᠤᠲᠤᠭ ᠤᠨ ᠠᠷᠠᠳ ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠤᠲᠤᠭ ᠤᠰᠤ ᠪᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠮᠠᠭᠳᠠᠨ ᠲᠡᠮᠳᠡᠭᠯᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号