ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ​︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠭᠤᠷᠪᠠᠨ ᠬᠥᠮᠥᠨ ᠤ ᠳᠦᠷᠢᠮᠲᠦ ᠰᠠᠭᠰᠤᠨ ᠪᠥᠮᠪᠦᠭᠡ ᠶᠢᠨ ᠬᠠᠮᠲᠤᠷᠠᠭᠰᠠᠨ ᠤᠷᠤᠯᠳᠤᠭᠠᠨ  ᠶᠠᠪᠤᠭᠳᠠᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 29 ᠤ ᠡᠳᠦᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠭᠤᠷᠪᠠᠨ ᠬᠥᠮᠥᠨ ᠤ ᠳᠦᠷᠢᠮᠲᠦ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ  ᠶᠠᠪᠤᠭᠳᠠᠪᠠ᠃    ᠤᠷᠤᠯᠳᠤᠭᠠᠨ ᠳᠤ ᠤᠷᠤᠯᠴᠠᠭᠰᠠᠳ ᠨᠢ ᠨᠤᠭᠤᠷᠠᠰᠢ ᠦᠭᠡᠢ ᠲᠡᠮᠡᠴᠡᠯ ᠤᠨ ᠵᠣᠷᠢᠭ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ᠂ ᠤᠷᠠᠨ ᠨᠠᠷᠢᠯᠢᠭ ᠪᠥᠮᠪᠥᠭᠡᠨ ᠮᠡᠷᠭᠡᠵᠢᠯ᠂ ᠭᠠᠷᠮᠠᠭᠠᠢ ᠪᠦᠯᠬᠦᠮ ᠤᠨ ᠬᠠᠮᠵᠢᠯᠴᠠᠭ᠎ᠠ ᠪᠠ ᠪᠠᠶᠢᠯᠳᠤᠬᠤ ᠠᠷᠭ᠎ᠠ ᠶᠢᠨ ᠪᠠᠶᠢᠷᠢᠯᠠᠭᠤᠯᠤᠯᠲᠠ ᠪᠠᠷ ᠢᠶᠠᠨ ᠦᠵᠡᠭᠴᠢᠳ ᠲᠤ ᠰᠠᠭᠰᠤᠨ ᠪᠥᠮᠪᠦᠭᠡ ᠶᠢᠨ ᠤᠷᠤᠯᠳᠤᠭᠠᠨ ᠢ ᠳᠡᠯᠭᠡᠨ ᠦᠵᠡᠭᠦᠯᠵᠡᠢ᠃ ᠲᠤᠰ ᠤᠳᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠳᠤ 8 ᠲᠦᠯᠤᠬᠡᠯᠡᠭᠴᠢ ᠶᠢᠨ ᠠᠩᠬᠢ ᠣᠷᠣᠯᠴᠠᠵᠤ᠂ ᠲᠤᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠨᠥᠬᠦᠷᠯᠡᠯ ᠢᠶᠠᠨ ᠵᠤᠵᠠᠭᠠᠳᠬᠠᠨ᠂ ᠰᠣᠯᠢᠯᠴᠠᠭ᠎ᠠ ᠪᠠᠨ ᠠᠬᠢᠭᠤᠯᠵᠤ᠂ ᠪᠦᠯᠬᠦᠮ ᠨᠡᠶᠢᠲᠡ ᠶᠢᠨ ᠵᠣᠷᠢᠭ ᠰᠠᠨᠠᠭ᠎ᠠ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠬᠦ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃    ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ  ᠲᠦᠯᠤᠬᠡᠯᠡᠭᠴᠢ ᠶᠢᠨ ᠠᠩᠭᠢ ᠨᠢᠭᠡᠳᠦᠭᠡᠷ ᠲᠤ ᠰᠢᠯᠭᠠᠷᠠᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠲᠦᠯᠤᠬᠡᠯᠡᠭᠴᠢ ᠶᠢᠨ ᠠᠩᠭᠢ᠂ ᠨᠢᠭᠡᠳᠦᠮᠡᠯ ᠹᠷᠣᠨᠲ ᠤᠨ ᠬᠡᠯᠲᠡᠰ ᠤᠨ ᠲᠦᠯᠤᠬᠡᠯᠡᠭᠴᠢ ᠶᠢᠨ ᠠᠩᠭᠢ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠠᠲᠤ ᠠᠩᠭᠢ ᠬᠤᠶᠠᠳᠤᠭᠠᠷ ᠲᠤ ᠤᠷᠤᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠦᠯᠤᠬᠡᠯᠡᠭᠴᠢ ᠶᠢᠨ ᠠᠩᠭᠢ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠬᠤᠯᠪᠣᠭᠠᠲᠤ ᠠᠩᠭᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠦᠯᠤᠬᠡᠯᠡᠭᠴᠢ ᠶᠢᠨ ᠠᠩᠭᠢ ᠭᠤᠷᠪᠠᠳᠤᠭᠠᠷ ᠲᠤ ᠣᠷᠣᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号