ᠵᠠᠭᠤᠨᠠᠰᠣᠳᠣ ᠶᠢᠨ ᠦᠪ ᠰᠠᠭᠤᠴᠠ ᠶᠢᠨ ᠦᠵᠡᠬᠦᠯᠬᠡ ᠶᠢᠨ ᠦᠷᠣᠬᠡ᠄ ᠤᠷᠳᠤ ᠶᠢᠨ ᠲᠠᠭᠤᠤ ᠶᠢᠨ ᠦᠨᠡᠲᠦ ᠡᠷᠳᠡᠨᠢ
ᠨᠡᠶᠢᠲᠡᠯᠡᠭᠰᠡᠨ ᠴᠠᠭ᠄
2024/10/9
   ᠤᠷᠳᠣ ᠶᠢᠨ ᠲᠠᠭᠤᠤ ᠨᠢ ᠡᠬᠡ  ᠤᠯᠤᠰ ᠤᠨ ᠤᠮᠠᠷᠠᠲᠤ ᠬᠢᠯᠢ ᠶᠢᠨ ᠰᠣᠶᠣᠯ ᠢᠷᠬᠡᠨᠰᠢᠯ  ᠎ ᠤᠨ ᠢᠯᠠ ᠲᠤᠳᠣ ᠣᠨᠴᠠᠯᠢᠭ ᠢ ᠬᠠᠷᠠᠭᠤᠯᠤᠨ᠂ ᠲᠠᠯ᠎ᠠ ᠨᠤᠳᠤᠭ ᠤᠨ ᠦᠷᠬᠡᠨ ᠠᠭᠤᠳᠠᠮ᠂ ᠦᠵᠡᠰᠬᠦᠯᠠᠩᠳᠣ ᠰᠠᠶᠢᠬᠠᠨ ᠦᠩᠬᠡ ᠦᠵᠡᠮᠵᠢ ᠵᠢᠴᠢ ᠬᠦᠮᠦᠨ ᠠᠷᠡᠳ ᠤᠨ ᠬᠢᠨᠢ ᠠᠪᠬᠠᠯᠵᠢ ᠤᠬᠠᠭᠠᠨ ᠢ ᠠᠭᠤᠰᠬᠠᠨ ᠰᠢᠩᠬᠡᠬᠡᠭᠰᠠᠨ ᠪᠠᠶᠢᠳᠠᠭ ᠢᠶᠠᠷ ᠢᠶᠠᠨ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠠᠮᠢᠳᠤ ᠴᠢᠯᠠᠭᠤᠵᠢᠮᠠᠯ︾ ᠬᠡᠮᠡᠭᠳᠡᠳᠡᠭ᠃   ᠦᠵᠦᠮᠦᠴᠢᠨ ᠨᠤᠳᠤᠭ ᠤᠨ ᠤᠷᠳᠣ ᠶᠢᠨ ᠲᠠᠭᠤᠤ ᠶᠢ ᠦᠶ᠎ᠠ ᠦᠶ᠎ᠠ ᠤᠯᠠᠮᠵᠢᠯᠠᠨ ᠭᠦᠭᠵᠢᠬᠦᠯᠦᠭᠰᠠᠨ ᠵᠠᠭᠤᠨᠠᠰᠣᠳᠣ 1933 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠬᠦᠷᠡᠯᠳᠦ ᠭᠠᠴᠠᠭᠠᠨ ᠳᠤ ᠳᠦᠷᠦᠵᠦ᠂ 1959 ᠣᠨ ᠠᠴᠠ 1988 ᠣᠨ ᠪᠣᠯᠲᠠᠯ᠎ᠠ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠪᠠᠭᠰᠢ᠂ ᠳᠡᠳ᠋ ᠫᠷᠤᠹᠧᠰᠰᠤᠷ ᠢᠶᠠᠷ ᠠᠵᠢᠯᠯᠠᠨ᠂ ᠤᠯᠠᠨ ᠰᠢᠯᠢᠳᠡᠭ ᠱᠠᠪᠢ ᠬᠦᠮᠦᠵᠢᠬᠦᠯᠦᠭᠰᠠᠨ ᠢᠶᠠᠷ ᠪᠠᠷᠠᠬᠤ ᠦᠭᠡᠢ᠂ ᠨᠡᠩ ᠴᠤ ᠮᠣᠩᠭᠤᠯ ᠤᠷᠳᠤ ᠶᠢᠨ ᠳᠠᠭᠤᠤ ᠶᠢ ᠵᠢᠩᠬᠢᠨᠢ ᠪᠠᠷ ᠬᠢᠴᠢᠶᠡᠯ ᠤᠨ ᠲᠠᠩᠬᠢᠮ ᠳᠤ ᠣᠷᠣᠭᠤᠯᠤᠭᠰᠠᠨ ᠠᠩᠬᠠᠳᠠᠭᠴᠢ ᠬᠥᠮᠥᠨ ᠪᠣᠯᠣᠨ᠎ᠠ᠃ ᠲᠠᠷᠡᠪᠠᠷ ᠭᠤᠴᠢ ᠭᠠᠷᠤᠢ ᠵᠢᠯ ᠤᠨ ᠲᠤᠷᠰᠢ ᠵᠢᠭᠠᠨ ᠰᠤᠷᠭᠠᠯᠲᠠ ᠶᠢᠨ ᠠᠵᠢᠯ ᠳᠤ ᠭᠠᠪᠰᠢᠭᠠᠶᠢᠯᠠᠬᠤ ᠳᠠᠭᠠᠨ ᠤᠷᠲᠤ ᠶᠢᠨ ᠲᠠᠭᠤᠤ ᠶᠢᠨ  ᠲᠤᠰᠬᠠᠢ ᠮᠡᠷᠭᠡᠵᠢᠯ ᠳᠤ ᠰᠢᠷᠭᠠᠭᠤ ᠬᠠᠲᠠᠭᠤᠵᠢᠯᠲᠠᠢ ᠠᠵᠢᠯᠯᠠᠵᠤ᠂ ᠯᠾᠠᠰᠦ᠋ᠷᠦᠩ ᠵᠡᠷᠭᠡ ᠣᠯᠠᠨ  ᠰᠢᠯᠢᠳᠡᠭ ᠲᠠᠭᠤᠴᠢᠨ ᠬᠥᠮᠥᠵᠢᠭᠦᠯᠦᠨ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠨᠠᠰᠤᠨ ᠲᠤᠷᠰᠢ ᠶᠢᠨ ᠬᠤᠪᠢ ᠨᠡᠮᠡᠷᠢ ᠪᠠᠨ ᠦᠵᠡᠬᠦᠯᠦᠭᠰᠠᠨ ᠶᠤᠮ  ᠃    ᠤᠷᠳᠤ ᠶᠢᠨ ᠳᠠᠭᠤᠴᠢᠨ ᠵᠠᠭᠤᠨᠠᠰᠣᠳᠣ ᠶᠢᠨ ᠦᠪ ᠰᠠᠭᠤᠴᠠ ᠶᠢᠨ ᠦᠵᠡᠬᠦᠯᠬᠡ ᠶᠢᠨ ᠦᠷᠣᠬᠡ ᠨᠢ ᠪᠠᠶᠠᠨᠬᠤᠰᠢᠭᠤ ᠰᠣᠮᠤᠨ ᠤ ᠬᠦᠷᠡᠯᠳᠦ ᠭᠠᠴᠠᠭᠠᠨ ᠳᠤ ᠪᠠᠶᠢᠷᠢᠯᠠᠵᠤ᠂ 70 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠦ᠂ ᠵᠠᠭᠤᠨᠠᠰᠣᠳᠣ ᠶᠢᠨ ᠨᠢᠬᠡ ᠨᠠᠰᠤᠨ ᠤ ᠤᠷᠠᠯᠢᠭ ᠤᠨ ᠦᠢᠯᠠᠰ ᠪᠠ ᠠᠮᠢᠳᠤᠷᠠᠯ ᠠᠬᠤᠢ ᠶᠢ ᠳᠡᠯᠭᠡᠨ ᠦᠵᠡᠬᠦᠯᠦᠭᠰᠠᠨ ᠪᠠᠶᠢᠨ᠎ᠠ᠃  ᠦᠵᠡᠬᠦᠯᠬᠡ ᠶᠢᠨ ᠦᠷᠣᠬᠡ ᠨᠢ ᠭᠤᠷᠪᠠᠨ ᠬᠡᠰᠡᠭ ᠬᠤᠪᠢᠶᠠᠨ᠂ ᠵᠠᠭᠤᠨᠠᠰᠣᠳᠣ ᠎ ᠶᠢᠨ ᠬᠠᠭᠤᠴᠢᠨ ᠰᠠᠭᠤᠴᠠ ᠶᠢᠨ ᠪᠤᠳᠠᠳᠣ ᠪᠠᠶᠢᠳᠠᠯ᠂ ᠬᠡᠷᠡᠭᠯᠡᠵᠦ ᠥᠩᠭᠡᠷᠡᠭᠰᠡᠨ ᠠᠮᠢᠳᠤᠷᠠᠯ ᠤᠨ ᠬᠡᠷᠡᠭᠰᠡᠯ ᠵᠢᠴᠢ  ᠤᠷᠠᠯᠢᠭ ᠤᠨ ᠠᠮᠢᠳᠤᠷᠠᠯ ᠤᠨ ᠬᠢᠨᠢ ᠭᠡᠷᠡᠯ ᠵᠢᠷᠤᠭ ᠤᠨ ᠮᠠᠲ᠋ᠧᠷᠢᠶᠠᠯ ᠢ ᠳᠡᠯᠭᠡᠨ ᠦᠵᠡᠭᠦᠯᠵᠦ᠂ ᠵᠠᠭᠤᠨᠠᠰᠣᠳᠣ ᠪᠠᠭᠰᠢ ᠎ ᠶᠢᠨ ᠠᠯᠳᠠᠷ ᠭᠠᠪᠢᠶ᠎ᠠ ᠶᠢ ᠦᠨᠠᠯᠠᠨ ᠳᠡᠭᠡᠳᠦᠯᠡᠵᠦ᠂ ᠲᠠᠭᠤᠤ ᠤᠷᠠᠯᠢᠭ ᠤᠨ ᠵᠠᠮ ᠳᠠᠬᠢ ᠭᠡᠷᠡᠯ ᠰᠠᠴᠤᠷᠠᠩᠭᠤᠢ ᠥᠩᠭᠡᠷᠡᠯᠲᠡ ᠶᠢ ᠨᠢ ᠠᠮᠢᠳᠤᠯᠢᠭ ᠢᠶᠠᠷ ᠲᠡᠮᠳᠡᠭᠯᠡᠵᠡᠢ᠃   ᠵᠠᠭᠤᠨᠠᠰᠣᠳᠣ ᠶᠢᠨ ᠦᠪ ᠰᠠᠭᠤᠴᠠ ᠶᠢᠨ ᠦᠵᠡᠬᠦᠯᠬᠡ ᠶᠢᠨ ᠦᠷᠣᠬᠡ ᠨᠢ ᠤᠷᠲᠤ ᠶᠢᠨ ᠳᠠᠭᠤᠤ ᠶᠢᠨ ᠶᠡᠭᠡ ᠪᠠᠭᠰᠢ ᠶᠢ ᠮᠥᠷᠥᠭᠡᠳᠦᠨ ᠰᠠᠨᠠᠭᠠᠯᠵᠠᠵᠤ᠂ ᠵᠠᠯᠠᠭᠤ ᠨᠢᠬᠡᠨ ᠦᠶ᠎ᠠ ᠶᠢᠨ ᠬᠢᠨ ᠳᠡᠭᠡᠨ ᠦᠯᠢᠬᠡᠷ ᠲᠠᠭᠤᠷᠢᠶᠠᠯ  ᠪᠤᠯᠵᠦ ᠪᠠᠶᠢᠭ᠎ᠠ ᠪᠠᠷ ᠪᠠᠷᠠᠬᠤ ᠦᠭᠡᠢ᠂ ᠤᠷᠲᠤ ᠶᠢᠨ ᠳᠠᠭᠤᠤ  ᠎ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠤᠯᠵᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠲᠦᠮᠡᠨ ᠳᠤ ᠤᠷᠲᠤ ᠶᠢᠨ ᠲᠠᠭᠤᠤ ᠶᠢᠨ ᠬᠥᠭᠵᠢᠯᠲᠡ ᠶᠢᠨ ᠶᠠᠪᠤᠴᠠ ᠵᠢᠴᠢ ᠠᠬᠠᠮᠠᠳ ᠨᠢᠭᠡ ᠦᠶ᠎ᠡ ᠶᠢᠨ ᠤᠷᠠᠯᠢᠭᠴᠢᠳ ᠤᠨ ᠤᠷᠠᠯᠢᠭ ᠤᠨ ᠠᠪᠢᠶᠠᠰ ᠴᠢᠳᠠᠪᠤᠷᠢ᠂ ᠬᠠᠷᠠᠮ ᠦᠭᠡᠢ ᠵᠢᠳᠬᠦᠯ ᠴᠢᠷᠮᠠᠶᠢᠯᠭ᠎ᠠ ᠶᠢ ᠦᠢᠯᠠᠭᠠᠭᠤᠯᠤᠨ᠂ ᠤᠷᠲᠤ ᠶᠢᠨ ᠲᠠᠭᠤᠤ ᠶᠢ ᠤᠯᠠᠮᠵᠢᠯᠠᠨ ᠵᠠᠯᠭᠠᠮᠵᠢᠯᠠᠬᠤ ᠳᠤ ᠴᠢᠬᠤᠯᠠ ᠲᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号