ᠬᠦᠮᠦᠵᠢᠯᠳᠣ ᠵᠢᠷᠭᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠴᠤᠭᠯᠠᠭᠠᠨ ᠤ ᠣᠯᠠᠨ ᠤᠯᠤᠰ ᠤᠨ ᠰᠢᠲᠠᠷ᠎ᠠ ᠶᠢᠨ ᠤᠷᠤᠯᠳᠣᠭᠠᠨ ᠳᠤ ᠲᠠᠷᠢᠬᠦᠯᠠᠯ᠎ᠠ
ᠨᠡᠶᠢᠲᠡᠯᠡᠭᠰᠡᠨ ᠴᠠᠭ᠄
2024/10/9
   ᠣᠶᠢᠷ᠎ᠠ ᠳᠤ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠢ ᠡᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠵᠢᠷᠭᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠨᠠᠰᠤᠲᠠᠶᠢᠴᠤᠳ ᠤᠨ ᠪᠠᠶ᠎ᠠ ᠲᠠᠮᠢᠷ ᠤᠨ ᠴᠤᠭᠯᠠᠭᠠᠨ ᠲᠦᠩᠯᠢᠶᠤᠤ ᠬᠤᠳᠠ ᠳᠤ ᠶᠠᠪᠤᠭᠳᠠᠵᠦ ᠦᠩᠬᠡᠷᠡᠵᠡᠢ᠃    ᠣᠶᠢᠯᠠᠭᠠᠭᠰᠠᠨ ᠢᠶᠠᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠴᠤᠭᠯᠠᠭᠠᠨ ᠳᠤ ᠠᠯᠠᠭᠠᠳᠠᠬᠤ ᠪᠥᠮᠪᠦᠭᠡ᠂ ᠡᠭᠦᠳᠡᠨ ᠪᠥᠮᠪᠦᠭᠡ᠂ ᠴᠢᠴᠢᠭᠦᠷ ᠪᠥᠮᠪᠦᠭᠡ᠂ ᠫᠢᠩᠫᠠᠩ ᠪᠥᠮᠪᠦᠭᠡ᠂ ᠣᠯᠠᠨ ᠤᠯᠤᠰ ᠤᠨ ᠰᠢᠲᠠᠷ᠎ᠠ ᠵᠡᠷᠬᠡ ᠨᠡᠶᠢᠲᠡ 7 ᠵᠦᠢᠯ  ᠤᠨ ᠤᠷᠤᠯᠳᠤᠭᠠᠨ ᠲᠣᠬᠢᠷᠠᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠥᠪᠥᠷ ᠮᠣᠩᠭᠤᠯ᠂ ᠮᠣᠩᠭᠤᠯ ᠤᠯᠤᠰ ᠪᠣᠯᠣᠨ ᠤᠷᠤᠰ ᠤᠨ ᠬᠤᠯᠪᠣᠭᠠᠨ ᠤ ᠪᠦᠬᠦᠳᠡ ᠨᠠᠶᠢᠷᠠᠮᠳᠠᠬᠤ ᠪᠤᠷᠢᠶᠠᠳ ᠤᠯᠤᠰ ᠠᠴᠠ ᠢᠷᠡᠭᠰᠡᠨ 300 ᠭᠠᠷᠤᠢ  ᠨᠠᠰᠣᠳᠠᠶᠢᠴᠣᠳ ᠤᠷᠤᠯᠳᠣᠭᠠᠨ ᠳᠤ ᠤᠷᠤᠯᠴᠠᠨ᠂ ᠤᠷ᠎ᠠ ᠮᠠᠷᠬᠡᠵᠢᠯ ᠢᠶᠠᠨ ᠰᠢᠯᠭᠠᠭᠰᠠᠨ ᠪᠦᠬᠡᠳ ᠤᠯᠠᠨ ᠤᠯᠤᠰ ᠤᠨ ᠨᠦᠬᠦᠷᠰᠡᠭ ᠬᠠᠷᠢᠯᠴᠠᠭ᠎ᠠ ᠶᠢ ᠴᠢᠩᠭᠠᠳᠬᠠᠵᠡᠢ᠃      ᠲᠤᠰ ᠤᠳᠠᠭᠠᠨ ᠤ ᠴᠤᠭᠯᠠᠭᠠᠨ ᠤ ᠣᠯᠠᠨ ᠤᠯᠤᠰ ᠤᠨ ᠰᠢᠲᠠᠷ᠎ᠠ ᠶᠢᠨ ᠤᠷᠤᠯᠳᠤᠭᠠᠨ ᠳᠤ ᠳᠤᠮᠳᠠᠳᠤ ᠣᠷᠣᠰ ᠮᠣᠩᠭᠤᠯ ᠠᠴᠠ ᠢᠷᠡᠭᠰᠡᠨ 30 ᠭᠠᠷᠤᠢ ᠰᠢᠲᠠᠷᠠᠴᠢᠳ ᠣᠷᠣᠯᠴᠠᠵᠤ᠂ ᠪᠠᠷᠠᠭᠤᠨ ᠦᠵᠦᠮᠦᠴᠢᠨ ᠬᠤᠰᠢᠭᠤᠨ ᠤ ᠬᠦᠮᠦᠵᠢᠯᠳᠣ ᠲᠠᠷᠢᠬᠦᠯᠠᠨ᠂ ᠤᠷᠤᠨ ᠨᠤᠳᠤᠭ ᠤᠨ ᠨᠠᠷ᠎ᠠ ᠠᠯᠳᠠᠷ ᠢ ᠡᠷᠬᠦᠵᠦ᠂ ᠰᠢᠳᠠᠷ᠎ᠠ ᠶᠢᠨ ᠦᠢᠯᠠᠰ ᠤᠨ ᠭᠦᠭᠵᠢᠯᠳᠠ ᠲᠠᠪᠰᠢᠯᠳᠠ ᠳᠤ ᠰᠢᠨ᠎ᠠ ᠬᠦᠳᠡᠯᠬᠡᠭᠴᠢ ᠬᠦᠴᠦᠨ ᠤᠯᠭᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号