ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ᠮᠠᠨ ᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠲᠠᠭᠤᠷᠢᠶᠠᠯ︾ ᠶᠠᠷᠢᠶ᠎ᠠ ᠢᠯᠡᠳᠬᠡᠯ ᠤᠨ ᠤᠷᠤᠯᠳᠤᠭᠠᠨ  ᠶᠠᠪᠤᠭᠳᠠᠯ᠎ᠠ
ᠨᠡᠶᠢᠲᠡᠯᠡᠭᠰᠡᠨ ᠴᠠᠭ᠄
2024/10/9
     9 ᠰᠠᠷ᠎ᠠ ᠶᠢᠨ 27᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ᠮᠠᠨ ᠤ  ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠲᠠᠭᠤᠷᠢᠶᠠᠯ︾᠎ ᠤᠨ ᠶᠠᠷᠢᠶ᠎ᠠ ᠢᠯᠡᠳᠬᠡᠯ ᠤᠨ ᠤᠷᠤᠯᠳᠤᠭᠠᠨ  ᠵᠤᠬᠢᠶᠠᠨ ᠪᠠᠶᠢᠭᠤᠯᠤᠨ ᠶᠠᠪᠤᠭᠳᠠᠭᠤᠯᠪᠠ  ᠃     ᠲᠤᠰ ᠤᠳᠠᠭᠠᠨ ᠤ ᠤᠷᠤᠯᠳᠤᠭᠠᠨ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠬᠠᠮᠲᠤᠷᠠᠨ ᠡᠷᠭᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 41 ᠳ᠋ᠤᠬᠡᠷ ᠤᠳᠠᠭᠠᠨ ᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠢᠴᠢ 27 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠠᠶᠢᠳᠠᠮ ᠬᠡᠷᠡᠭᠯᠠᠬᠦ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠬᠡᠷᠡᠭᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ ᠪᠠᠬᠢ ᠪᠤᠢ ᠪᠣᠯᠭᠠᠵᠤ᠂ ᠦᠨᠳᠣᠰᠣᠳᠠᠨ ᠨᠦᠭᠦᠳ ᠤᠨ ᠤᠯᠠᠨ  ᠲᠦᠮᠠᠨ ᠤ ᠪᠦᠯᠬᠦᠮᠳᠠᠨ ᠨᠢᠭᠳᠠᠷᠠᠭᠰᠠᠨ ᠬᠦᠨ ᠵᠤᠵᠠᠭᠠᠨ ᠠᠭᠤᠷ ᠠᠮᠢᠰᠬᠤᠯ ᠢ ᠪᠤᠢ  ᠪᠤᠯᠭᠠᠬᠤ ᠪᠠᠷ ᠵᠤᠷᠢᠯᠭ᠎ᠠ ᠪᠠᠨ ᠪᠤᠯᠭᠠᠵᠡᠢ᠃    ᠤᠷᠤᠯᠳᠤᠭᠠᠨ ᠳᠤ ᠣᠷᠣᠯᠴᠠᠭᠰᠠᠳ ᠨᠢ ᠭᠤᠣᠯ ᠰᠡᠳᠦᠪ ᠤᠨ ᠲᠤᠭᠤᠷᠢᠨ ᠳᠤ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠲᠡᠰ ᠳᠠᠪᠬᠤᠷᠭ᠎ᠠ ᠠᠴᠠ ᠪᠠᠷᠠᠭᠤᠨ ᠦᠵᠦᠮᠦᠴᠢᠨ ᠬᠤᠰᠢᠭᠤᠨ  ᠎ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠦᠬᠡᠨ ᠦᠯᠢᠬᠡᠷ᠂ ᠪᠠᠶᠠᠵᠢᠯ ᠤᠨ ᠳᠠᠭᠠᠭᠤᠯᠤᠭᠴᠢ ᠶᠢᠨ ᠦᠯᠢᠬᠡᠷ᠂ ᠪᠠᠭᠠᠲᠤᠷ ᠵᠢᠱᠢᠶᠡᠴᠢ ᠶᠢᠨ ᠦᠯᠢᠭᠡᠷ ᠵᠢᠴᠢ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠦᠯᠢᠭᠡᠷ ᠵᠡᠷᠭᠡ ᠦᠨᠡᠨ ᠪᠣᠳᠠᠲᠤ ᠵᠢᠱᠢᠶ᠎ᠡ ᠪᠤᠯᠭᠠᠨ ᠶᠠᠷᠢᠶ᠎ᠠ ᠢᠯᠠᠳᠬᠡᠯ ᠬᠢᠭᠰᠡᠨ ᠢᠶᠠᠷ ᠪᠠᠷᠠᠬᠤ ᠦᠭᠡᠢ  ᠂ ᠡᠯ᠎ᠠ ᠪᠠᠶᠢᠭᠤᠯᠭ᠎ᠠ ᠨᠢᠭᠡᠴᠡ ᠶᠢᠨ ᠢᠶᠠᠨ ᠠᠵᠢᠯ ᠤᠨ ᠪᠣᠳᠠᠲᠤ ᠪᠠᠶᠢᠳᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠲᠠᠢ ᠨᠢᠭᠲᠠ ᠤᠶᠠᠯᠳᠤᠭᠤᠯᠤᠨ᠂ ᠦᠪᠡᠷ ᠤᠨ ᠪᠠᠶᠢᠭᠤᠯᠭ᠎ᠠ ᠨᠢᠬᠡᠴᠠ ᠶᠢᠨ ᠢᠶᠠᠨ  ᠦᠨᠳᠣᠰᠤᠳᠠᠨ ᠤ ᠪᠦᠯᠬᠦᠮᠳᠠᠯ ᠤᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠭᠤᠶᠢᠳᠠ ᠰᠠᠶᠢᠬᠠᠨ ᠥᠯᠢᠭᠡᠷ ᠢ ᠠᠮᠢᠳᠤᠯᠢᠭ ᠢᠶᠠᠷ ᠲᠠᠶᠢᠯᠪᠤᠷᠢᠯᠠᠵᠠᠢ᠃    ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶᠠᠨ ᠤ ᠤᠷᠤᠯᠴᠠᠭᠴᠢ ᠮᠠ ᠶᠦᠩ ᠴᠠᠩ ᠨᠢᠭᠡᠳᠦᠭᠡᠷ ᠲᠤ ᠣᠷᠣᠵᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠰᠤᠷᠭᠠᠭᠤᠯᠢ ᠶᠢᠨ  ᠤᠷᠤᠯᠴᠠᠭᠴᠢ  ᠨᠠᠮᠤᠭᠤᠬᠠᠨ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠤᠷᠤᠯᠴᠠᠭᠴᠢ  ᠰᠠᠷᠠᠭᠤᠯ ᠬᠤᠶᠠᠳᠤᠭᠠᠷ ᠲᠤ ᠣᠷᠣᠵᠤ᠂ ᠪᠠᠷᠠᠭᠤᠨ ᠦᠵᠦᠮᠦᠴᠢᠨ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠤᠷᠤᠯᠴᠠᠭᠴᠢ ᠵᠠᠩ ᠵᠢᠶᠠ ᠰᠢᠨ᠂ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠤᠷᠤᠯᠴᠠᠭᠴᠢ ᠭᠦᠸᠧ ᠷᠦᠢ ᠰᠢᠤᠸᠠᠢ᠂  ᠭᠤᠷᠤᠬᠠᠨ ᠪᠠᠯᠭᠠᠰᠤᠨ ᠤ ᠤᠷᠤᠯᠴᠠᠭᠴᠢ ᠾᠥᠸᠧ ᠯᠢ ᠴᠢᠤᠸᠠᠨ ᠭᠤᠷᠪᠠᠳᠤᠭᠠᠷ ᠲᠤ ᠣᠷᠣᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号