ᠶᠣᠣ ᠬᠤᠩ ᠭᠠᠩ ᠪᠡᠭᠡᠵᠢᠩ᠂ ᠥᠰᠢ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠲᠠᠯ᠎ᠠ ᠪᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/9
    9 ᠰᠠᠷ᠎ᠠ ᠶᠢᠨ 23᠎ ᠤ ᠡᠳᠦᠷ ᠠᠴᠠ 29᠎ ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠦᠯᠬᠦᠮ ᠳᠠᠭᠠᠭᠤᠯᠤᠨ ᠬᠥᠬᠡᠬᠤᠲᠠ᠂ ᠠᠨᠱᠠᠨ᠂ ᠪᠡᠭᠡᠵᠢᠩ᠂ ᠴᠠᠩᠵᠸᠦ᠂ ᠥᠰᠢ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠵᠦᠢᠯᠡᠰ ᠢ ᠪᠠᠶᠢᠴᠠᠭᠠᠨ ᠵᠣᠯᠭᠠᠭᠤᠯᠵᠤ᠂ ᠬᠤᠯᠪᠣᠭᠳᠠᠯ ᠪᠦᠬᠦᠢ ᠭᠤᠣᠯᠳᠠᠯᠭ᠎ᠠ ᠎ ᠲᠠᠢ ᠠᠵᠤ ᠠᠬᠤᠶᠢᠯᠠᠯ ᠢᠶᠠᠷ ᠬᠦᠷᠴᠦ᠂ ᠬᠠᠮᠲᠤᠷᠠᠯᠴᠠᠭᠠᠨ ᠤ ᠲᠠᠯ᠎ᠠ ᠪᠠᠷ ᠭᠦᠨᠵᠡᠭᠡᠢ ᠵᠥᠪᠳᠡᠯᠴᠡᠨ ᠶᠠᠷᠢᠯᠴᠠᠵᠤ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠪᠠ᠃  ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃ ᠶᠣᠣ ᠬᠤᠩ ᠭᠠᠩ ᠨᠠᠷ ᠤᠷᠢᠳ ᠬᠤᠵᠢᠳ ᠥᠪᠥᠷ ᠮᠣᠩᠭᠤᠯ ᠤᠨ ᠪᠣᠬᠢᠷᠲᠤᠯ ᠦᠭᠡᠢ ᠤᠰᠤᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠮᠠᠢ ᠭᠧ ᠨᠠᠲᠷᠢ ᠰᠣᠷᠢᠨᠵᠢᠨ ᠬᠥᠳᠡᠯᠭᠡᠬᠦ ᠬᠦᠴᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠠᠨᠱᠠᠨ ᠤ ᠪᠣᠯᠣᠳ ᠲᠡᠮᠦᠷ ᠤᠨ ᠠᠵᠤ ᠦᠢᠯᠡᠰ ᠤᠨ ᠨᠠᠷᠢᠯᠢᠭ ᠬᠥᠩᠭᠡᠨᠴᠠᠭᠠᠨ ᠤ ᠨᠤᠨᠳᠠᠭ ᠤᠨ ᠬᠢᠵᠠᠭᠠᠷᠲᠤ ᠺᠣᠮᠫᠠᠨᠢ᠂ ᠵᠢᠩ ᠨᠧᠩ ᠤᠯᠠᠨ ᠤᠯᠤᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠠᠨᠾᠦ᠋ᠢ ᠶᠢᠨ ᠶᠢᠦ ᠰᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠣᠨ ᠥᠰᠢ ᠶᠢᠨ ᠳ᠋ᠠᠢ ᠺᠠ ᠬᠦᠷᠳᠦ ᠦᠢᠯᠡᠳᠬᠦ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠷᠴᠦ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠪᠠᠷᠠᠭᠤᠨ ᠦᠵᠦᠮᠦᠴᠢᠨ ᠬᠤᠰᠢᠭᠤᠨ ᠤ ᠳᠠᠪᠠᠭᠤᠯᠢᠭ ᠪᠠ ᠳᠠᠯᠳᠠ ᠬᠦᠴᠦᠨ ᠢ ᠪᠥᠬᠦ ᠲᠠᠯ᠎ᠠ ᠪᠠᠷ ᠲᠠᠨᠢᠯᠴᠠᠭᠤᠯᠬᠤ ᠶᠢᠨ ᠬᠠᠮᠲᠤ ᠲᠣᠰ ᠲᠣᠰ ᠡᠨᠧᠷᠭᠢ ᠬᠠᠳᠠᠭᠠᠯᠠᠬᠤ᠂ ᠪᠣᠬᠢᠷᠲᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ᠂ ᠬᠦᠷᠳᠦ ᠦᠢᠯᠡᠳᠬᠦ ᠵᠢᠴᠢ ᠬᠥᠩᠭᠡᠨᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤᠷᠠᠯᠴᠠᠭᠠᠨ ᠤ ᠠᠷᠭ᠎ᠠ ᠮᠠᠶ᠋ᠢᠭ ᠪᠠ ᠠᠷᠭ᠎ᠠ ᠵᠠᠮ ᠢ ᠰᠦᠪᠡᠭᠴᠢᠯᠡᠵᠡᠢ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠶᠣᠣ ᠬᠤᠩ ᠭᠠᠩ ᠨᠠᠷ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠦᠢᠯᠡᠳᠬᠦᠨ ᠤ ᠵᠠᠬ᠎ᠠ ᠳᠡᠯᠭᠡᠭᠦᠷ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠵᠠᠮ ᠬᠠᠷᠢᠯᠴᠠᠭᠠᠨ ᠤ ᠣᠷᠣᠨ ᠪᠠᠶᠢᠷᠢ ᠳᠠᠪᠠᠭᠤᠯᠢᠭ ᠮᠥᠷᠲᠡᠭᠡᠨ ᠠᠵᠤ ᠦᠢᠯᠡᠰ ᠤᠨ ᠰᠠᠭᠤᠷᠢ ᠪᠠᠲᠤ ᠪᠠᠬᠢ᠂ ᠬᠥᠭᠵᠢᠯᠲᠡ ᠶᠢᠨ ᠬᠠᠨᠳᠤᠰᠢ ᠰᠠᠶᠢᠨ ᠶᠤᠮ᠃ ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠦᠴᠦᠨ ᠢᠶᠠᠨ ᠲᠥᠪᠯᠡᠷᠡᠭᠦᠯᠦᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷ ᠪᠠ ᠳᠠᠶᠢᠴᠢᠯᠠᠬᠤ ᠬᠦᠴᠦᠨ ᠢᠶᠠᠷ ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠬᠦᠴᠦᠯᠡᠨ ᠣᠷᠣᠭᠤᠯᠵᠤ᠂ ᠡᠯ᠎ᠡ ᠲᠠᠯ᠎ᠠ ᠶᠢᠨ ᠠᠵᠤ ᠠᠬᠤᠶᠢᠯᠠᠯ ᠤᠨ ᠪᠠᠷᠠᠭᠤᠨ ᠦᠵᠦᠮᠦᠴᠢᠨ ᠬᠤᠰᠢᠭᠤᠨ ᠳᠤ ᠰᠢᠨ᠎ᠡ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠰᠢᠨ᠎ᠡ ᠣᠷᠣᠨ ᠵᠠᠢ ᠶᠢ ᠥᠷᠭᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠠᠷᠠᠭᠤᠨ ᠦᠵᠦᠮᠦᠴᠢᠨ ᠬᠤᠰᠢᠭᠤ ᠪᠥᠬᠦ ᠲᠠᠯ᠎ᠠ ᠶᠢᠨ ᠴᠢᠨᠠᠷ ᠰᠠᠶᠢᠲᠠᠢ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠦᠢᠯᠡᠳᠬᠦᠨ ᠤ ᠨᠡᠮᠡᠯᠲᠡ ᠥᠷᠲᠡᠭ ᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠥᠷᠢᠰᠦᠯᠳᠦᠬᠦ ᠬᠦᠴᠦᠨ ᠎ ᠢ ᠳᠡᠭᠡᠭᠰᠢᠯᠡᠭᠦᠯᠦᠨ᠂ ᠠᠵᠤ ᠠᠬᠤᠶᠢᠯᠠᠯ ᠲᠠᠢ ᠬᠠᠮᠲᠤ ᠪᠠᠷ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号