| 9 ᠰᠠᠷ᠎ᠠ ᠶᠢᠨ 27 ᠤ ᠤᠷᠤᠢ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠠᠯᠬᠡᠨ ᠠᠴᠠ | ᠡᠷᠬᠢᠯᠡᠭᠰᠠᠨ ︽ᠰᠡᠳᠬᠢᠯ ᠢᠶᠠᠨ ᠨᠢᠭᠡᠳᠬᠡᠨ ᠬᠦᠰᠠᠯᠠᠩ ᠢᠶᠠᠨ ᠪᠠᠶᠠᠯᠠᠬᠦᠯᠵᠦ᠂ ᠲᠠᠣᠬᠡᠨ ᠬᠠᠭᠤᠳᠠᠰᠤ ᠪᠠᠨ ᠦᠷᠬᠦᠯᠵᠢᠯᠠᠨ | ᠪᠢᠴᠢᠭᠯᠡᠶ᠎ᠠ︾ ᠤᠯᠤᠰ ᠪᠠᠶᠢᠭᠤᠯᠤᠭᠳᠠᠭᠰᠠᠨ 75 ᠵᠢᠯ ᠤᠨ ᠣᠶ ᠵᠢᠴᠢ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠬᠤᠷᠠᠯ ᠦᠵᠡᠰᠬᠦᠯᠠᠩ ᠤᠨ ᠲᠦᠪ | ᠲᠤ ᠶᠠᠪᠤᠭᠳᠠᠯ᠎ᠠ᠃ | | ᠬᠤᠰᠢᠭᠤ ᠳᠥᠷᠪᠡᠨ ᠶᠡᠭᠡ ᠤᠳᠣᠷᠢᠳᠬᠤ ᠪᠠᠭ ᠤᠨ ᠤᠳᠤᠷᠢᠳᠤᠯᠭ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠥᠩᠭᠡᠷᠡᠭᠰᠡᠨ ᠬᠤᠭᠤᠴᠠᠭᠠᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ ᠨᠠᠷ ᠦᠳᠠᠰᠢᠯᠡᠭᠡ ᠰᠣᠨᠢᠷᠬᠠᠵᠡᠢ᠃ | | ᠦᠳᠡᠰᠢᠯᠡᠭᠡ ᠨᠢ ︽ᠰᠠᠳᠬᠢᠯ ᠤᠨ ᠬᠤᠯᠪᠤᠭ᠎ᠠ︾ ᠬᠡᠬᠦ ᠲᠠᠭᠤᠤ ᠪᠦᠵᠢᠭ ᠤᠨ ᠳᠤᠮᠳᠠ ᠡᠬᠢᠯᠠᠯᠳᠠ ᠶᠢᠨ | ᠬᠥᠰᠢᠭᠡ ᠪᠠᠨ ᠰᠠᠬᠦᠵᠦ᠂ ᠭᠤᠶᠢᠳᠠ ᠰᠠᠶᠢᠬᠠᠨ ᠲᠤᠭᠯᠠᠯᠳᠠ ᠪᠠᠷ ᠥᠩᠭᠡᠷᠡᠭᠰᠡᠨ ᠤ ᠲᠡᠦᠬᠡ ᠶᠢ ᠮᠥᠷᠳᠡᠵᠦ᠂ ᠴᠠᠭ ᠦᠶ᠎ᠠ | ᠶᠢᠨ ᠬᠥᠭᠵᠢᠯ ᠪᠠᠳᠠᠷᠠᠯ ᠢ ᠮᠠᠭᠲᠠᠨ ᠲᠠᠭᠤᠯᠠᠵᠦ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ | ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠲᠡᠮᠡᠴᠡᠯ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ | ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠳᠦᠷᠢ | ᠲᠥᠷᠬᠦ ᠶᠢ ᠢᠯᠠᠷᠡᠬᠦᠯᠦᠨ᠂ ︽ᠤᠯᠤᠰ ᠲᠦᠷᠦ ᠶᠢᠨ ᠵᠦᠪᠯᠠᠯᠬᠡᠨ ᠤ ᠲᠠᠭᠤᠤ︾ ᠨᠢ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠬᠦ ᠣᠮᠤᠭ | ᠵᠣᠷᠢᠭ ᠢ ᠢᠯᠠᠳᠬᠡᠵᠦ᠂ ︽ᠮᠠᠯᠴᠢᠨ ᠲᠦᠮᠠᠨ ᠡᠪ ᠬᠠᠮᠲᠤ ᠨᠠᠮ ᠢᠶᠠᠨ ᠮᠠᠭᠳᠠᠨ ᠳᠠᠭᠤᠯᠠᠨ᠎ᠠ︾ ᠭᠡᠬᠦ ᠭᠤᠴᠣᠯᠠᠯ ᠳᠠᠭᠤᠤ ᠨᠢ | ᠪᠦᠬᠦ ᠠᠷᠡᠳ ᠤᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠠᠷᠡᠬᠦᠯᠦᠭᠰᠠᠨ ᠪᠦᠬᠡᠳ ︽ᠡᠬᠡ ᠤᠷᠤᠨ ᠢᠶᠠᠨ | ᠳᠠᠭᠤᠯᠠᠶ᠎ᠠ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠵᠢᠴᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 | ᠵᠢᠯ ᠤᠨ ᠤᠢ ᠳᠤ ᠬᠠᠮᠤᠭ ᠤᠨ ᠬᠠᠯᠠᠭᠤᠨ ᠵᠥᠩᠨᠡᠯ ᠳᠡᠪᠰᠢᠭᠦᠯᠵᠡᠢ᠃ | | ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠰᠠᠭᠤᠭᠠᠯᠢ ᠠᠷᠠᠳ ᠵᠢᠴᠢ ᠮᠠᠯᠴᠢᠳ ᠲᠣᠭᠯᠠᠯᠲᠠ ᠶᠢ ᠰᠣᠨᠢᠷᠬᠠᠪᠠ᠃ | ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠦᠳᠡᠰᠢᠯᠡᠭᠡ ᠶᠢ ᠰᠢᠩᠭᠡᠬᠡᠨ᠂ 9 | ᠰᠠᠷ᠎ᠠ ᠶᠢᠨ 30 ᠤ ᠣᠷᠣᠢ ᠪᠠᠷᠠᠭᠤᠨ ᠦᠵᠦᠮᠦᠴᠢᠨ ᠬᠤᠰᠢᠭᠤᠨ ᠤ ᠷᠠᠳᠢᠣ᠋ ᠲᠧᠯᠸᠢᠰ ᠵᠢᠴᠢ ᠪᠠᠷᠠᠭᠤᠨ ᠦᠵᠦᠮᠦᠴᠢᠨ ᠤ | ᠨᠡᠶᠢᠲᠡᠯᠡᠯ᠂ ᠪᠠᠷᠠᠭᠤᠨ ᠦᠵᠦᠮᠦᠴᠢᠨ ᠤ ᠨᠡᠶᠢᠲᠡᠯᠡᠯ ᠤᠨ ᠮᠣᠩᠭᠤᠯ ᠬᠡᠯᠡᠨ ᠤ ᠲᠠᠪᠴᠠᠩ ᠵᠡᠷᠭᠡ ᠢᠶᠠᠷ ᠳᠠᠮᠵᠢᠭᠤᠯᠤᠨ | ᠦᠵᠡᠭᠴᠢᠳ ᠲᠦᠮᠠᠨ ᠳᠡᠭᠡᠨ ᠭᠦᠷᠬᠡᠬᠦ ᠪᠤᠯᠤᠨ᠎ᠠ᠃ | |