ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠬᠦᠷᠢᠶᠡᠨ ᠳᠤ ᠤᠬᠠᠭᠤᠯᠤᠨ  ᠲᠠᠶᠢᠯᠪᠤᠷᠢᠯᠠ᠊
ᠨᠡᠶᠢᠲᠡᠯᠡᠭᠰᠡᠨ ᠴᠠᠭ᠄
2024/10/9
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 9 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠶᠢᠨ ᠬᠦᠷᠢᠶᠡᠨ ᠳᠤ ᠤᠬᠠᠭᠤᠯᠤᠨ ᠲᠠᠶᠢᠯᠪᠤᠷᠢᠯᠠᠵᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠦ᠋ ᠯᠢ ᠵᠢᠶᠧ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠪᠥᠬᠦ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠡᠯ᠎ᠡ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠡᠶᠢᠲᠡ 40 ᠭᠠᠷᠤᠢ ᠬᠥᠮᠥᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠳᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠦ᠋ ᠯᠢ ᠵᠢᠶᠧ ᠫᠷᠤᠹᠧᠰᠰᠤᠷ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠵᠢᠯᠯᠠᠭᠠᠨ ᠤ ᠬᠥᠲᠥᠯᠪᠦᠷᠢ ᠵᠡᠷᠭᠡ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠯᠲᠠ ᠬᠢᠵᠡᠢ᠃ ᠲᠠᠶᠢᠯᠤᠮᠵᠢ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠠᠭᠤᠯᠭ᠎ᠠ ᠪᠠᠷ ᠪᠠᠶᠠᠯᠢᠭ᠂ ᠯᠣᠭᠢᠭ ᠢᠶᠠᠷ ᠨᠢᠭᠲᠠ ᠴᠢᠩᠭ᠎ᠠ ᠪᠠᠶᠢᠵᠤ᠂ ᠤᠯᠤᠰ ᠲᠥᠷᠥ ᠶᠢᠨ ᠥᠨᠳᠥᠷᠴᠡ ᠲᠠᠢ ᠪᠥᠭᠡᠳ ᠣᠨᠣᠯ ᠤᠨ ᠭᠦᠨᠴᠡ ᠲᠠᠢ᠃    ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠠᠵᠢᠯ ᠲᠥᠷᠥᠯ ᠤᠨ ᠨᠡᠶᠢᠭᠡᠮᠯᠢᠭ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠶᠢᠨ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠭᠤᠯᠵᠤ᠂ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠬᠤ ᠪᠠ ᠨᠠᠶᠢᠳᠠᠪᠤᠷᠢᠵᠢᠭᠤᠯᠬᠤ ᠶᠢ ᠭᠦᠨᠵᠡᠭᠡᠢ ᠡᠵᠡᠮᠳᠡᠵᠦ᠂ ᠪᠥᠬᠦ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠠᠶᠠᠨ ᠵᠠᠮ ᠳᠤ ᠭᠠᠪᠢᠶ᠎ᠠ ᠵᠢᠳᠬᠦᠯ ᠪᠠᠶᠢᠭᠤᠯᠬᠤ ᠶᠢ ᠠᠬᠢᠭᠤᠯᠵᠠᠢ᠃    ᠥᠪᠥᠷ ᠮᠣᠩᠭᠤᠯ ᠤᠨ   ᠶᠢᠨ ᠵᠠᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠤᠯᠢᠴᠢ  ᠸᠠᠩ ᠰᠢᠶᠣᠣ ᠬᠤᠶ ᠄ ︽ᠦ᠋ ᠯᠢ ᠵᠢᠶᠧ ᠪᠠᠭᠰᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠬᠠᠢ ᠬᠢᠴᠢᠶᠡᠯ ᠵᠢᠭᠠᠬᠤ ᠳᠠᠭᠠᠨ᠂ ᠲᠡᠦᠬᠡ ᠶᠢᠨ ᠦᠶᠡᠯᠡᠯ ᠤᠨ ᠵᠢᠮ᠎ᠡ ᠬᠠᠤᠯᠢ ᠠᠴᠠ ᠬᠡᠷᠬᠢᠨ ᠮᠤᠯᠲᠤᠷᠠᠬᠤ ᠠᠰᠠᠭᠤᠳᠠᠯ ᠤᠨ ᠲᠤᠬᠠᠢ ᠬᠤᠶᠠᠷ ᠬᠠᠷᠢᠭᠤᠯᠲᠠ ᠶᠢ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠠᠢ᠃ ᠦ᠋ ᠯᠢ ᠵᠢᠶᠧ ᠪᠠᠭᠰᠢ ᠮᠠᠨ ᠤ ᠨᠠᠮ ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠬᠤᠪᠢᠰᠬᠠᠯ ᠶᠢ ᠬᠡᠷᠬᠢᠨ ᠠᠬᠢᠭᠤᠯᠬᠤ ᠲᠤᠬᠠᠢ ᠶᠠᠷᠢᠪᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ ᠨᠡᠶᠢᠭᠡᠮ ᠤᠨ ᠰᠢᠨ᠎ᠡ ᠬᠤᠪᠢᠰᠬᠠᠯ ᠮᠥᠨ ᠪᠥᠭᠡᠳ ᠢᠷᠠᠭᠤ ᠠᠯᠳᠠᠷᠲᠠᠢ᠂ ᠬᠠᠲᠠᠭᠤ ᠪᠡᠷᠬᠡᠰᠢᠶᠡᠯᠲᠡᠢ᠂ ᠡᠭᠦᠷᠭᠡ ᠬᠦᠨᠳᠦ ᠵᠠᠮ ᠬᠤᠯᠠ ᠪᠠᠶᠢᠳᠠᠭ ᠢ ᠪᠢᠳᠡ ᠮᠡᠳᠡᠵᠤ ᠪᠠᠶᠢᠨ᠎ᠠ᠃ ᠪᠢ ᠨᠢᠭᠡᠨ ᠬᠠᠤᠯᠢ ᠴᠠᠭᠠᠵᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠥᠪᠡᠷ ᠤᠨ ᠪᠣᠳᠠᠲᠤ ᠠᠵᠢᠯ ᠤᠨ ᠳᠤᠮᠳᠠ ᠪᠠᠨ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号