︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠴᠤᠭᠴᠠᠯᠠᠬᠤ︾ ᠵᠢᠴᠢ ︽ᠠᠷᠪᠠᠨ ᠰᠠᠷ᠎ᠠ ᠶᠢᠨ ᠨᠢᠭᠡᠨ︾ ᠢ ᠪᠡᠯᠭᠡᠯᠡᠬᠦ ᠤᠯᠠᠭᠠᠨᠮᠥ᠋ᠴᠢᠷ ᠤᠨ ᠴᠡᠷᠢᠭ ᠤᠨ ᠬᠤᠸᠠᠷᠠᠨ ᠳᠠᠬᠢ ᠤᠷᠠᠨ ᠰᠠᠶᠢᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/10/9
    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ  ᠪᠣᠯᠭᠠᠬᠤ ᠶᠢᠨ ᠲᠣᠰᠠᠳᠠ᠂ 9 ᠰᠠᠷ᠎ᠠ ᠶᠢᠨ 25 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠰᠢᠭᠤ ᠤᠯᠠᠭᠠᠨᠮᠥ᠋ᠴᠢᠷ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠴᠤᠭᠴᠠᠯᠠᠬᠤ︾ ᠵᠢᠴᠢ ︽ᠠᠷᠪᠠᠨ ᠰᠠᠷ᠎ᠠ ᠶᠢᠨ ᠨᠢᠭᠡᠨ︾ ᠢ ᠪᠡᠯᠭᠡᠯᠡᠬᠦ ᠤᠯᠠᠭᠠᠨᠮᠥ᠋ᠴᠢᠷ ᠤᠨ ᠴᠡᠷᠢᠭ ᠤᠨ ᠬᠤᠸᠠᠷᠠᠨ ᠳᠠᠬᠢ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃  ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠤᠪᠴᠢᠶᠠᠨ ᠤ ᠠᠵᠢᠯᠲᠠᠨ ᠪᠣᠯᠣᠨ ᠬᠠᠷᠢᠶᠠᠲᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠠᠵᠢᠯᠯᠠᠭ᠎ᠠ ᠳᠤ ᠣᠷᠣᠯᠴᠠᠵᠠᠢ᠃    ᠲᠣᠭᠯᠠᠯᠲᠠ ᠨᠢ  ︽ᠮᠡᠨᠳᠦᠴᠢᠯᠡᠯ︾ ᠭᠡᠬᠦ ᠬᠠᠮᠲᠤ ᠶᠢᠨ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠢᠷᠠᠭᠤ ᠰᠠᠶᠢᠬᠠᠨ ᠭᠤᠴᠣᠯᠠᠯ ᠳᠠᠭᠤᠤ᠂ ᠮᠣᠷᠢᠨ ᠬᠤᠭᠤᠷ ᠤᠨ ᠭᠥᠭᠵᠢᠮ ᠵᠡᠷᠭᠡ ᠲᠤᠭᠯᠠᠯᠲᠠ ᠨᠢ ᠴᠡᠷᠢᠭ ᠤᠨ ᠬᠥᠷᠢᠶᠡᠨ ᠤ ᠠᠭᠤᠷ ᠠᠮᠢᠰᠬᠤᠯ ᠢ ᠬᠥᠭᠵᠢᠶᠡᠨ ᠲᠠᠢ ᠪᠣᠯᠭᠠᠵᠤ᠂ ᠴᠡᠷᠢᠭ ᠠᠷᠠᠳ ᠬᠠᠮᠲᠤ ᠪᠠᠷ ᠣᠯᠣᠰ ᠪᠠᠶᠢᠭᠤᠯᠤᠭᠳᠠᠭᠰᠠᠨ ᠪᠠᠶᠠᠷ ᠢ ᠪᠡᠯᠭᠡᠯᠡᠨ ᠲᠡᠮᠳᠡᠭᠯᠡᠭᠰᠡᠨ ᠪᠠᠶᠢᠨ᠎ᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠱᠠᠩᠨᠠᠯ ᠲᠠᠢ ᠮᠡᠳᠡᠯᠭᠡ ᠶᠢᠨ ᠥᠷᠢᠰᠦᠯᠳᠦᠭᠡᠨ ᠢ ᠥᠷᠨᠢᠭᠦᠯᠵᠦ᠂ ᠳᠠᠷᠤᠭ᠎ᠠ ᠪᠠᠶᠢᠯᠳᠤᠭᠴᠢᠳ ᠢᠳᠡᠪᠬᠢᠲᠡᠢ ᠪᠠᠷ ᠣᠷᠣᠯᠴᠠᠵᠤ᠂ ᠤᠷᠤᠰᠤᠮ᠎ᠠ ᠤᠨᠤᠪᠴᠢᠲᠠᠢ ᠬᠠᠷᠢᠭᠤᠯᠵᠤ᠂ᠮᠡᠳᠡᠯᠭᠡ ᠶᠢᠨ ᠰᠠᠭᠤᠷᠢ ᠪᠠᠨ ᠪᠠᠲᠣᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠣᠳᠬᠠᠭᠰᠠᠨ ᠪᠠᠶᠢᠨ᠎ᠠ᠃     ᠡᠭᠦᠨ ᠠᠴᠠ ᠭᠠᠳᠠᠨ᠎ᠠ᠂ ᠠᠵᠢᠯᠯᠠᠭ᠎ᠠ ᠳᠤ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠶᠢ ᠪᠠᠲᠣᠳᠬᠠᠬᠤ ᠮᠡᠳᠡᠯᠭᠡ ᠶᠢᠨ ᠭᠠᠷ ᠳᠡᠪᠲᠡᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠳᠦᠷᠢᠮ︾ ᠵᠡᠷᠭᠡ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠠᠬᠢᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠮᠡᠳᠡᠯᠭᠡ ᠶᠢ ᠪᠠᠲᠤᠳᠬᠠᠵᠤ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠭᠤᠣᠯ ᠱᠤᠭᠤᠮ ᠤᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠤᠯᠢ ᠴᠠᠭᠠᠵᠠ ᠶᠢᠨ ᠰᠡᠳᠬᠢᠬᠦᠢ ᠶᠢ ᠴᠢᠩᠭᠠᠷᠠᠭᠤᠯᠬᠤ ᠶᠢᠨ ᠬᠠᠮᠲᠤ ᠴᠡᠷᠢᠭ ᠠᠷᠠᠳ ᠤᠨ ᠬᠠᠷᠢᠴᠠᠭ᠎ᠠ ᠶᠢ ᠪᠠᠲᠣᠳᠬᠠᠵᠤ᠂ ᠴᠡᠷᠢᠭ ᠠᠷᠠᠳ ᠤᠨ ᠪᠦᠯᠬᠦᠮᠳᠡᠨ ᠨᠢᠭᠲᠠᠷᠠᠵᠤ ᠬᠦᠴᠦᠨ ᠴᠢᠳᠠᠯ ᠢᠶᠠᠨ ᠨᠢᠭᠡᠳᠬᠡᠨ ᠡᠶ᠎ᠡ ᠵᠣᠬᠢᠴᠠᠯ ᠢ ᠠᠬᠢᠭᠤᠯᠬᠤ ᠬᠠᠮᠲᠤ ᠪᠠᠷ ᠪᠠᠶᠢᠭᠤᠯᠬᠤ ᠦᠵᠡᠯ ᠤᠬᠠᠮᠰᠠᠷ ᠢ ᠤᠯᠠᠮ ᠴᠢᠨᠠᠭᠰᠢᠳᠠ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号