ᠪᠠᠷᠠᠭᠤᠨ ᠦᠵᠦᠮᠦᠴᠢᠨ ᠬᠤᠰᠢᠭᠤᠨ ᠤ ︽ᠤᠷᠠᠨ ᠨᠠᠬᠢᠯᠵᠠᠭᠠᠳᠣ ᠤᠮᠠᠷᠠᠳᠣ ᠬᠢᠯᠢ ·ᠠᠮᠢᠯᠠᠯ ᠪᠢᠯᠬᠠᠭᠰᠠᠨ ᠪᠠᠷᠠᠭᠤᠨ ᠦᠵᠦᠮᠦᠴᠢᠨ︾ ᠪᠥᠵᠢᠭ ᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/10/9
    9 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠤᠷᠠᠨ ᠨᠠᠬᠢᠯᠵᠠᠭᠠᠳᠣ ᠤᠮᠠᠷᠠᠳᠣ ᠬᠢᠯᠢ · ᠠᠮᠢᠯᠠᠯ ᠪᠢᠯᠬᠠᠭᠰᠠᠨ ᠪᠠᠷᠠᠭᠤᠨ ᠦᠵᠦᠮᠦᠴᠢᠨ︾ ᠪᠥᠵᠢᠭ ᠤᠨ ᠤᠷᠤᠯᠳᠤᠭᠠᠨ ᠶᠠᠪᠤᠭᠳᠠᠵᠦ᠂ 12 ᠲᠥᠯᠥᠭᠡᠯᠡᠭᠴᠢ ᠶᠢᠨ ᠪᠠᠭ ᠤᠷᠤᠯᠳᠤᠭᠠᠨ ᠳᠤ  ᠤᠷᠤᠯᠴᠠᠵᠡᠢ᠃     ᠤᠷᠤᠯᠳᠣᠭᠠᠨ ᠳᠤ ᠤᠷᠤᠯᠴᠠᠭᠰᠠᠳ ᠨᠢ ᠤᠷᠠᠨ ᠰᠠᠶᠢᠬᠠᠨ ᠪᠦᠵᠢᠭ ᠢᠶᠠᠷ ᠢᠶᠠᠨ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠵᠢᠷᠭᠠᠯᠳᠣ ᠠᠮᠢᠳᠤᠷᠠᠯ ᠤᠨ ᠢᠶᠠᠨ ᠬᠡᠪ ᠲᠦᠷᠭᠦ ᠶᠢ ᠢᠯᠠᠷᠡᠬᠦᠯᠦᠭᠰᠠᠨ ᠪᠠᠶᠢᠨ᠎ᠠ᠃     ᠲᠣᠰ ᠤᠳᠠᠭᠠᠨ ᠤ ᠪᠥᠵᠢᠭ ᠤᠨ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠠᠮᠲᠤᠷᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠬᠥᠭᠵᠢᠭᠡᠨ ᠪᠠᠶᠠᠯᠢᠭᠵᠢᠭᠤᠯᠵᠤ᠂ ᠠᠷᠠᠳ ᠣᠯᠠᠨ ᠤ ᠴᠤᠭ ᠪᠠᠳᠠᠷᠠᠩᠭᠤᠢ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠪᠠᠶᠠᠷ ᠬᠥᠷ ᠲᠠᠢ ᠥᠯᠵᠡᠢ ᠪᠡᠯᠭᠡ ᠲᠠᠢ᠂ ᠡᠶ᠎ᠡ ᠵᠣᠬᠢᠴᠠᠯ ᠲᠠᠢ ᠪᠣᠯᠪᠠᠰᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠣᠰ ᠤᠳᠠᠭᠠᠨ ᠤ ᠤᠷᠤᠯᠳᠤᠭᠠᠨ ᠢ ᠣᠨᠴᠠᠭᠠᠶᠢᠯᠠᠨ ᠵᠣᠬᠢᠶᠠᠨ ᠪᠠᠶᠢᠭᠤᠯᠵᠤ ᠥᠷᠨᠢᠭᠦᠯᠪᠡ     ᠬᠠᠮᠤᠭ ᠡᠴᠦᠰ ᠲᠤ᠂ ᠪᠠᠷᠠᠭᠤᠨ ᠦᠵᠦᠮᠦᠴᠢᠨ ᠬᠤᠰᠢᠭᠤᠨ ᠤ ᠢ ᠮᠧᠢ ᠪᠥᠵᠢᠭ ᠤᠨ ᠪᠣᠯᠪᠠᠰᠤᠷᠠᠯ ᠤᠨ ᠺᠣᠮᠫᠠᠨᠢ ᠶᠢᠨ ︽ᠲᠡᠬᠡᠵᠢ︾ ᠪᠥᠵᠢᠭ ᠤᠨ ᠪᠦᠯᠬᠦᠮ ᠨᠢᠭᠡᠳᠦᠭᠡᠷ ᠲᠤ ᠤᠷᠤᠵᠦ᠂  ᠪᠠᠶ᠋ᠬᠠᠠᠭᠤᠯᠠ ᠨᠡᠶᠢᠭᠡᠮ ᠲᠣᠭᠤᠷᠢᠭ ᠤᠨ ︽ᠵᠢᠷᠭᠠᠬᠤ ᠨᠡᠷᠡᠨ︾ ᠪᠥᠵᠢᠭ ᠤᠨ ᠠᠩᠭᠢ ᠪᠣᠯᠣᠨ ᠪᠠᠶᠠᠨᠭᠤᠣᠯ ᠨᠡᠶᠢᠭᠡᠮ ᠲᠣᠭᠤᠷᠢᠭ ᠤᠨ ᠰᠢ ᠶᠤᠸᠠᠨ ᠬᠠᠮᠲᠤᠷᠠᠭᠰᠠᠨ ᠠᠩᠭᠢ ᠬᠤᠶᠠᠳᠤᠭᠠᠷ‌‍ᠲ᠋ᠤ ᠤᠷᠤᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号