3000 ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠨᠢᠭᠡᠨᠲᠡ ᠪᠠᠭᠤᠯᠭᠠᠵᠤ᠂ ᠳᠡᠮᠵᠢᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ ᠁ ᠡᠨᠡ ᠬᠦ ᠭᠤᠣᠯᠳᠠᠯᠭ᠎ᠠ ᠪᠣᠯᠬᠤ ᠠᠵᠢᠯ ᠤᠨ ᠬᠠᠮᠤᠭ ᠤᠨ ᠰᠢᠨ᠎ᠡ ᠠᠬᠢᠴᠠ
ᠨᠡᠶᠢᠲᠡᠯᠡᠭᠰᠡᠨ ᠴᠠᠭ᠄
2024/10/9
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 9 ᠳ᠋ᠦ᠋ᠭᠡᠷ ᠰᠠᠷ᠎ᠠ ᠶᠢᠨ 23 ᠤ ᠡᠳᠦᠷ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠶᠡᠷᠦᠩᠬᠡᠢ ᠠᠬᠢᠴᠠ ᠶᠢᠨ ᠦᠷ᠎ᠡ ᠪᠦᠲᠦᠮᠵᠢ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠄ ᠡᠨᠡ ᠵᠢᠯ ᠤᠨ 3 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠡᠨᠡ ᠬᠦ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ︔ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠬᠠᠮᠲᠤᠷᠠᠨ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ︽ᠬᠤᠶᠠᠷ ᠰᠢᠨ᠎ᠡ︾ ᠠᠵᠢᠯ ᠢ ᠬᠦᠴᠦᠯᠡᠨ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠶᠢᠷ᠎ᠠ ᠶᠢᠨ ᠬᠤᠶᠠᠷ ᠰᠠᠷ᠎ᠠ ᠠᠴᠠ ᠨᠠᠭᠠᠰᠢᠬᠢ ᠠᠵᠢᠯ ᠤᠨ ᠠᠬᠢᠴᠠ ᠶᠢ ︽ᠭᠤᠷᠪᠠᠨ ᠪᠦᠬᠦ ᠲᠠᠯ᠎ᠠ︾ ᠪᠠᠷ ᠬᠤᠷᠢᠶᠠᠩᠭᠤᠶᠢᠯᠠᠵᠤ ᠪᠣᠯᠣᠨ᠎ᠠ ᠭᠡᠪᠡ᠃     ᠨᠢᠭᠡ᠂ ᠲᠦᠭᠦᠷᠵᠢᠭᠦᠯᠬᠦ ᠨᠠᠷᠢᠨ ᠳᠦᠷᠢᠮ ᠢ ᠪᠦᠬᠦ ᠲᠠᠯ᠎ᠠ ᠪᠠᠷ ᠨᠡᠶᠢᠲᠡᠯᠡᠪᠡ᠃ ᠪᠥᠬᠦ ᠤᠯᠤᠰ ᠤᠨ ᠬᠡᠪᠴᠢᠶᠡᠨ ᠠᠴᠠ ᠦᠵᠡᠪᠡᠯ᠂ ︽ᠬᠤᠶᠠᠷ ᠰᠢᠨ᠎ᠡ︾ ᠶᠢ ᠬᠦᠴᠦᠯᠡᠨ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠭᠰᠡᠨ ᠤ ᠳᠠᠷᠠᠭ᠎ᠠ᠂ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠡᠳᠡᠭᠳᠡᠯ ᠵᠢᠴᠢ ᠠᠵᠤ   ᠦᠢᠯᠡᠳᠪᠦᠷᠢ ᠶᠢᠨ ᠲᠥᠬᠦᠭᠡᠷᠦᠮᠵᠢ᠂ ᠡᠨᠧᠷᠭᠢ ᠬᠡᠷᠡᠭᠯᠡᠬᠦ ᠲᠥᠬᠦᠭᠡᠷᠦᠮᠵᠢ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ᠂ ᠲᠡᠭᠡᠭᠡᠪᠦᠷᠢᠯᠡᠨ ᠡᠵᠡᠩᠨᠡᠬᠦ ᠣᠩᠭᠤᠴᠠ᠂ ᠲᠡᠭᠡᠭᠡᠪᠦᠷᠢᠯᠡᠨ ᠡᠵᠡᠩᠨᠡᠬᠦ ᠪᠠᠷᠠᠭᠠᠨ ᠤ ᠲᠡᠷᠭᠡ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠂ ᠲᠠᠷᠢᠶᠠᠯᠠᠩ ᠤᠨ ᠮᠠᠰᠢᠨ ᠮᠧᠬᠠᠨᠢᠭ᠂ ᠬᠠᠭᠤᠴᠢᠨ ᠴᠠᠬᠢᠯᠭᠠᠨ ᠱᠠᠲᠤ ᠵᠡᠷᠭᠡ 8 ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠶᠢᠨ ᠬᠡᠷᠡᠭᠵᠢᠭᠦᠯᠬᠦ ᠨᠠᠷᠢᠨ ᠳᠦᠷᠢᠮ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠭᠡᠷ ᠤᠨ ᠴᠢᠮᠡᠭᠯᠡᠯ ᠲᠣᠭᠤᠭᠠᠨ ᠭᠡᠷ ᠵᠣᠷᠯᠤᠩ ᠵᠡᠷᠭᠡ 4 ᠬᠦᠷᠢᠶᠡᠨ ᠳᠠᠬᠢ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠷᠡᠭᠵᠢᠭᠦᠯᠬᠦ ᠨᠠᠷᠢᠨ ᠳᠦᠷᠢᠮ᠂ ᠡᠲᠡᠭᠡᠷ ᠲᠦᠭᠦᠷᠵᠢᠭᠦᠯᠬᠦ ᠠᠷᠭ᠎ᠠ ᠬᠡᠮᠵᠢᠶ᠎ᠡ ᠶᠢ ᠨᠢᠭᠡᠨᠲᠡ ᠪᠦᠬᠦᠨ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠣᠷᠣᠨ ᠨᠤᠲᠤᠭ ᠤᠨ ᠬᠡᠪᠴᠢᠶᠡᠨ ᠠᠴᠠ ᠦᠵᠡᠪᠡᠯ᠂ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ 5 ᠬᠤᠲᠠ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠴᠥᠮ ︽ᠬᠤᠶᠠᠷ ᠰᠢᠨ᠎ᠡ︾ ᠶᠢ ᠬᠦᠴᠦᠯᠡᠨ ᠳᠡᠮᠵᠢᠬᠦ ᠬᠡᠷᠡᠭᠵᠢᠭᠦᠯᠬᠦ ᠲᠥᠰᠥᠯ ᠢ ᠨᠡᠶᠢᠲᠡᠯᠡᠭᠰᠡᠨ ᠤ ᠬᠠᠮᠲᠤ ᠣᠷᠣᠨ ᠨᠤᠲᠤᠭ ᠤᠨ ᠲᠦᠭᠦᠷᠵᠢᠭᠦᠯᠬᠦ ᠡᠯ᠎ᠡ ᠲᠥᠷᠥᠯ ᠤᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠭᠰᠠᠨ ᠲᠤᠭ᠎ᠠ ᠨᠢ 140 ᠬᠤᠪᠢ ᠶᠢ ᠳᠠᠪᠠᠪᠠ᠃ ᠤᠷᠲᠤ ᠬᠤᠭᠤᠴᠠᠭᠠᠨ ᠤ ᠲᠤᠷᠰᠢᠬᠢ ᠣᠨᠴᠠᠭᠠᠶᠢᠯᠠᠨ ᠲᠠᠷᠬᠠᠭᠠᠭᠰᠠᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠪᠠᠷ ︽ᠬᠤᠶᠠᠷ ᠰᠢᠨ᠎ᠡ︾ ᠶᠢ ᠬᠦᠴᠦᠯᠡᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠨᠢᠭᠡᠨᠲᠡ ᠪᠠᠶᠢᠭᠤᠯᠤᠨ ᠳᠠᠭᠤᠰᠬᠠᠵᠤ᠂ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠠᠵᠢᠯ ᠳᠤ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ ᠭᠡᠵᠦ ᠬᠡᠯᠡᠵᠦ ᠪᠣᠯᠣᠨ᠎ᠠ᠃     ᠬᠤᠶᠠᠷ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠪᠦᠬᠦ ᠲᠠᠯ᠎ᠠ ᠪᠠᠷ ᠪᠠᠭᠤᠯᠭᠠᠪᠠ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ ᠮᠠᠨ ᠤ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠣᠷᠣᠨ ᠨᠤᠲᠤᠭ ᠬᠢᠨᠠᠨ ᠬᠠᠷᠭᠤᠭᠤᠯᠵᠤ᠂ ᠤᠯᠤᠰ ᠠᠴᠠ ᠳᠠᠬᠢᠨᠲᠠ ᠬᠠᠷᠭᠤᠭᠤᠯᠬᠤ︾ ᠵᠠᠷᠴᠢᠮ ᠶᠣᠰᠣᠭᠠᠷ᠂ ᠳᠡᠮᠵᠢᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠨᠥᠬᠦᠴᠡᠯ ᠳᠤ ᠨᠡᠶᠢᠴᠡᠬᠦ 4600 ᠭᠠᠷᠤᠢ ᠲᠥᠬᠦᠭᠡᠷᠦᠮᠵᠢ ᠶᠢ ᠰᠢᠨᠡᠳᠬᠡᠬᠦ ᠲᠦᠷᠦᠯ ᠵᠦᠢᠯ ᠢ ᠰᠢᠭᠰᠢᠨ ᠭᠠᠷᠭᠠᠵᠤ᠂ ᠲᠥᠬᠦᠭᠡᠷᠦᠮᠵᠢ ᠶᠢ ᠰᠢᠨᠡᠳᠬᠡᠬᠦ ᠬᠦᠷᠢᠶᠡᠨ ᠳᠠᠬᠢ 1500 ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠨᠢᠭᠡᠨᠲᠡ 2 ᠪᠦᠯᠦᠭ ᠬᠤᠪᠢᠶᠠᠨ ᠪᠦᠬᠦᠨ ᠢ ᠬᠠᠮᠢᠶ᠎ᠠ ᠪᠦᠬᠦᠢ ᠲᠣᠭᠲᠠᠭᠠᠯ ᠪᠠ ᠲᠠᠰ ᠳᠠᠷᠠᠭᠠᠯᠠᠯ ᠢᠶᠠᠷ ᠲᠥᠷᠥᠯ ᠵᠦᠢᠯ ᠳᠤ ᠲᠣᠬᠢᠷᠠᠭᠤᠯᠪᠠ᠃ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠮᠠᠨ ᠤ ᠵᠥᠪᠯᠡᠯ ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ᠂ ᠡᠯ᠎ᠡ ᠭᠠᠵᠠᠷ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠮᠠᠰᠢᠨ ᠲᠡᠷᠭᠡ ᠪᠣᠯᠣᠨ ᠭᠡᠷ ᠤᠨ ᠴᠠᠬᠢᠯᠭᠠᠨ ᠬᠡᠷᠡᠭᠰᠡᠯ ᠢ ᠬᠡᠷᠡᠭᠯᠡᠵᠦ ᠪᠠᠶᠢᠭ᠎ᠠ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠵᠦ᠂ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠬᠦᠷᠢᠶᠡᠨ ᠳᠠᠬᠢ 1500 ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ 8 ᠳ᠋ᠤᠭᠠᠷ ᠰᠠᠷ᠎ᠠ ᠶᠢᠨ ᠡᠬᠢᠨ ᠳᠤ ᠪᠦᠬᠦᠨ ᠢ ᠣᠷᠣᠨ ᠨᠤᠲᠤᠭ ᠲᠤ ᠪᠠᠭᠤᠯᠭᠠᠪᠠ᠃     ᠭᠤᠷᠪᠠ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ᠃ ᠣᠳᠣᠬᠠᠨ ᠪᠣᠯᠲᠠᠯ᠎ᠠ᠂ ᠡᠯ᠎ᠡ ᠰᠠᠯᠠᠭ᠎ᠠ ᠮᠥᠴᠢᠷ ᠤᠨ ᠬᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ 10 ᠵᠤᠷᠪᠤᠰ ᠬᠦᠴᠦᠯᠡᠨ ᠳᠡᠮᠵᠢᠬᠦ ᠠᠷᠭ᠎ᠠ ᠬᠡᠮᠵᠢᠶ᠎ᠡ ᠶᠢ ᠨᠢᠭᠡᠨᠲᠡ ᠪᠦᠬᠦᠨ ᠢ ᠡᠬᠢᠯᠡᠭᠦᠯᠵᠦ᠂ ᠡᠯ᠎ᠡ ᠭᠠᠵᠠᠷ ᠤᠨ ᠬᠢᠨ ᠪᠠᠰᠠ ᠠᠯᠢ ᠣᠯᠠᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠡᠶᠢᠲᠡᠯᠡᠪᠡ᠃ ᠵᠢᠱᠢᠶᠡᠯᠡᠪᠡᠯ᠂ ᠪᠡᠭᠡᠵᠢᠩ᠂ ᠲᠢᠶᠠᠨᠵᠢᠨ᠂ ᠱᠠᠩᠬᠠᠢ ᠵᠡᠷᠭᠡ 20 ᠭᠠᠵᠠᠷ ᠣᠷᠣᠨ ᠬᠤᠪᠢ ᠶᠢᠨ ᠬᠡᠷᠡᠭᠯᠡᠭᠴᠢᠳ ᠤᠨ ᠮᠠᠰᠢᠨ ᠲᠡᠷᠭᠡ ᠶᠢ ᠬᠠᠯᠠᠵᠤ ᠰᠢᠨᠡᠳᠬᠡᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠃ ᠪᠠᠰᠠ ᠵᠢᠱᠢᠶᠡᠯᠡᠪᠡᠯ᠂ ᠵᠢᠶᠠᠩᠰᠤ᠂ ᠵᠧᠵᠢᠶᠠᠩ᠂ ᠬᠤᠪᠧᠢ ᠵᠡᠷᠭᠡ 31 ᠭᠠᠵᠠᠷ ᠣᠷᠣᠨ ᠴᠥᠮ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠣᠯᠢᠬᠤ ᠰᠢᠨ᠎ᠡ ᠨᠡᠮᠡᠭᠦᠷᠢ ᠶᠢ ᠬᠡᠷᠡᠭᠵᠢᠭᠦᠯᠵᠦ᠂ ᠵᠢᠩ ᠳ᠋ᠦᠩ᠂ ᠲᠢᠶᠠᠨ ᠮᠣᠣ᠂ ᠰᠦ᠋ ᠨᠢᠩ ᠢ ᠭᠧᠦ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠨᠢ ᠪᠥᠬᠦ ᠲᠠᠯ᠎ᠠ ᠪᠠᠷ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠣᠯᠢᠬᠤ ᠳᠤ ᠣᠷᠣᠯᠴᠠᠪᠠ᠃     ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ︽ᠬᠤᠶᠠᠷ  ᠰᠢᠨ᠎ᠡ︾ ᠠᠵᠢᠯ ᠠᠯᠬᠤᠮ ᠠᠯᠬᠤᠮ ᠢᠶᠠᠷ ᠢᠯᠡᠳᠲᠡ ᠦᠷ᠎ᠡ ᠪᠦᠲᠦᠮᠵᠢ ᠣᠯᠬᠤ ᠶᠢᠨ ᠬᠠᠮᠲᠤ ᠪᠠᠰᠠ ᠲᠠᠰᠤᠷᠠᠯᠲᠠ ᠦᠭᠡᠢ ᠢᠯᠡᠷᠡᠵᠦ ᠪᠠᠶᠢᠭ᠎ᠠ ᠪᠠᠶᠢᠳᠠᠯ ᠢ ᠳᠠᠷᠠᠭᠠᠬᠢ ︽ᠲᠠᠪᠤᠨ    ᠬᠦᠴᠦᠨ︾ ᠢᠶᠠᠷ ᠬᠤᠷᠢᠶᠠᠩᠭᠤᠶᠢᠯᠠᠵᠤ ᠪᠣᠯᠣᠨ᠎ᠠ᠃     ᠨᠢᠭᠡ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠬᠦᠴᠦᠲᠡᠢ ᠲᠠᠶᠢᠴᠢᠯᠠᠪᠠ᠃ ᠲᠥᠬᠦᠭᠡᠷᠦᠮᠵᠢ ᠶᠢ ᠰᠢᠨᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠤᠭᠰᠠᠨ ᠨᠢ᠂ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠪᠦᠷᠢᠯᠡᠯ ᠢᠶᠠᠨ ᠰᠢᠨᠡᠳᠬᠡᠬᠦ᠂ ᠡᠨᠧᠷᠭᠢ ᠬᠡᠷᠡᠭᠯᠡᠬᠦ᠂ ᠴᠠᠬᠢᠯᠭᠠᠨ ᠱᠠᠲᠤ ᠵᠡᠷᠭᠡ ᠡᠯ᠎ᠡ ᠲᠥᠷᠥᠯ ᠤᠨ ᠲᠥᠬᠦᠭᠡᠷᠦᠮᠵᠢ ᠬᠡᠷᠡᠭᠯᠡᠬᠦ ᠢᠳᠡᠪᠬᠢᠵᠢᠯ ᠢ ᠪᠦᠲᠦᠮᠵᠢᠲᠡᠶ ᠳᠠᠶᠢᠴᠢᠯᠠᠪᠠ᠃ ᠲᠦᠷᠦᠭᠦᠤ       8 ᠰᠠᠷ᠎ᠠ ᠳᠤ᠂ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ 16.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠴᠠ 13.4 ᠵᠠᠭᠤᠨ ᠤ ᠴᠡᠭ ᠥᠨᠳᠥᠷ ᠪᠠᠶᠢᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 64.2% ᠲᠤ ᠬᠦᠷᠴᠦ᠂ ᠲᠦᠷᠦᠭᠦᠤ 7 ᠰᠠᠷ᠎ᠠ ᠠᠴᠠ 3.5 ᠵᠠᠭᠤᠨ ᠤ ᠴᠡᠭ ᠳᠡᠭᠡᠭᠰᠢᠯᠡᠵᠦ᠂ ᠡᠨᠡ ᠨᠢ ᠬᠦᠴᠦᠯᠡᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ 8 ᠳ᠋ᠤᠭᠠᠷ ᠰᠠᠷ᠎ᠠ ᠶᠢᠨ ᠳᠠᠶᠢᠴᠢᠯᠠᠬᠤ ᠦᠷ᠎ᠡ ᠪᠦᠲᠦᠮᠵᠢ ᠨᠢ ᠨᠠᠩ ᠢᠯᠡᠷᠬᠡᠢ ᠭᠡᠳᠡᠭ ᠢ ᠬᠠᠷᠠᠭᠤᠯᠪᠠ᠃     ᠬᠤᠶᠠᠷ᠂ ᠬᠡᠷᠡᠭᠯᠡᠭᠡ ᠶᠢᠨ ᠳᠠᠯᠳᠠ ᠬᠦᠴᠦᠨ ᠢ ᠬᠦᠴᠦᠲᠡᠢ ᠪᠠᠳᠠᠷᠠᠭᠤᠯᠪᠠ᠃ ᠡᠯ᠎ᠡ ᠭᠠᠵᠠᠷ ᠤᠨ ᠬᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠭᠰᠠᠨ ᠨᠢ᠂ ᠭᠤᠣᠯᠳᠠᠯᠭ᠎ᠠ ᠲᠠᠢ ᠬᠡᠷᠡᠭᠯᠡᠭᠡ ᠶᠢᠨ ᠵᠦᠢᠯᠡᠰ ᠤᠨ ᠪᠣᠷᠣᠯᠠᠭᠤᠯᠤᠯᠲᠠ ᠶᠢ ᠢᠯᠡᠳᠲᠡ ᠳᠡᠭᠡᠭᠰᠢᠯᠡᠭᠦᠯᠪᠡ᠃ ᠵᠢᠱᠢᠶᠡᠯᠡᠪᠡᠯ᠂ ᠳᠤᠮᠳᠠᠳᠤ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠨᠡᠶᠢᠭᠡᠮᠯᠢᠭ ᠤᠨ ᠲᠤᠭ᠎ᠠ ᠪᠠᠷᠢᠮᠲᠠ ᠠᠴᠠ ᠦᠵᠡᠪᠡᠯ᠂ 8 ᠳ᠋ᠤᠭᠠᠷ ᠰᠠᠷ᠎ᠠ ᠳᠤ ᠪᠥᠬᠦ ᠤᠯᠤᠰ ᠲᠤ ᠰᠠᠭᠤᠳᠠᠯ ᠲᠠᠢ ᠮᠠᠰᠢᠨ ᠲᠡᠷᠭᠡ ᠶᠢ ᠪᠠᠭᠲᠠᠭᠠᠭᠰᠠᠨ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 190.5 ᠲᠦᠮᠡ ᠪᠠᠶᠢᠵᠤ᠂ ᠬᠠᠷᠢᠴᠠᠭᠤᠯᠤᠭᠰᠠᠨ ᠨᠡᠮᠡᠭᠳᠡᠯ ᠬᠡᠮᠵᠢᠶ᠎ᠡ ᠨᠢ 10.8% ᠪᠠᠷ ᠨᠡᠮᠡᠭᠳᠡᠪᠡ︔ ᠡᠭᠦᠨ ᠳᠤ ᠮᠠᠰᠢ ᠬᠠᠷᠠᠭ᠎ᠠ ᠪᠤᠯᠢᠶᠠᠮ᠎ᠠ ᠨᠢᠭᠡ ᠵᠦᠢᠯ ᠭᠡᠪᠡᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 102.7 ᠲᠦᠮᠡ ᠪᠠᠶᠢᠵᠤ᠂ ᠬᠠᠷᠢᠴᠠᠭᠤᠯᠤᠭᠰᠠᠨ ᠨᠡᠮᠡᠭᠳᠡᠯ ᠬᠡᠮᠵᠢᠶ᠎ᠡ ᠨᠢ 17% ᠪᠠᠷ ᠨᠡᠮᠡᠭᠳᠡᠪᠡ ᠃ ᠪᠠᠰᠠ ᠵᠢᠱᠢᠶᠡᠯᠡᠪᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ ᠪᠠᠷᠢᠮᠲᠠ ᠠᠴᠠ ᠦᠵᠡᠪᠡᠯ᠂ ᠭᠡᠷ ᠤᠨ ᠴᠠᠬᠢᠯᠭᠠᠨ ᠬᠡᠷᠡᠭᠰᠡᠯ ᠪᠣᠯᠣᠨ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠵᠤ᠂ 8 ᠳ᠋ᠤᠭᠠᠷ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠲᠠᠪᠴᠠᠩ ᠢᠶᠠᠷ ᠳᠠᠮᠵᠢᠨ ᠬᠤᠳᠠᠯᠳᠤᠭᠰᠠᠨ ᠪᠠ ᠬᠤᠳᠠᠯᠳᠤᠭᠠᠨ ᠤ ᠲᠠᠯᠠᠪᠠᠢ ᠶᠢᠨ ᠪᠠᠶᠢᠳᠠᠯ ᠠᠴᠠ ᠦᠵᠡᠪᠡᠯ᠂ ᠣᠶᠢᠷ᠎ᠠ ᠶᠢᠨ ᠬᠤᠭᠤᠴᠠᠭᠠᠨ ᠳᠤ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠬᠡᠷᠡᠭᠯᠡᠭᠡ ᠲᠦᠷᠭᠡᠨ ᠨᠡᠮᠡᠭᠳᠡᠪᠡ᠃     ᠭᠤᠷᠪᠠ᠂ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠪᠠ᠃    ︽ᠬᠤᠶᠠᠷ ᠰᠢᠨ᠎ᠡ︾ ᠠᠵᠢᠯ ᠨᠢ ᠬᠡᠷᠡᠭᠴᠡᠭᠡ ᠶᠢᠨ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠢ ᠶᠠᠭ ᠬᠠᠩᠭᠠᠯᠭ᠎ᠠ ᠶᠢᠨ ᠰᠠᠯᠠᠭ᠎ᠠ ᠮᠥᠴᠢᠷ ᠲᠤ ᠳᠠᠮᠵᠢᠭᠤᠯᠵᠤ᠂ ᠲᠥᠬᠦᠭᠡᠷᠦᠮᠵᠢ ᠦᠢᠯᠡᠳᠬᠦ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠤᠨ ᠦᠢᠯᠡᠳᠪᠦᠷᠢᠯᠡᠯ ᠤᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠪᠠ᠃ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢ ᠰᠢᠨᠡᠳᠬᠡᠬᠦ ᠭᠤᠣᠯᠳᠠᠯᠭ᠎ᠠ ᠪᠣᠯᠬᠤ ᠬᠦᠷᠢᠶ᠎ᠡ ᠪᠠᠷ ᠵᠢᠱᠢᠶ᠎ᠡ ᠪᠣᠯᠭᠠᠪᠠᠯ᠂ 8 ᠳ᠋ᠤᠭᠠᠷ ᠰᠠᠷ᠎ᠠ ᠳᠤ᠂ ᠣᠩᠭᠤᠴᠠ ᠰᠠᠯ ᠵᠢᠴᠢ ᠬᠠᠮᠢᠶ᠎ᠠ ᠪᠦᠬᠦᠢ ᠲᠣᠨᠣᠭᠯᠠᠯ᠂ ᠬᠤᠲᠠ ᠶᠢᠨ ᠲᠡᠮᠦᠷ ᠵᠢᠮᠲᠦ ᠵᠠᠮ ᠬᠠᠷᠢᠯᠴᠠᠭᠠᠨ ᠤ ᠲᠥᠬᠦᠭᠡᠷᠦᠮᠵᠢ᠂ ᠴᠢᠮᠡᠭᠡ ᠬᠤᠯᠪᠣᠭᠠᠨ ᠤ ᠲᠥᠬᠦᠭᠡᠷᠦᠮᠵᠢ ᠵᠡᠷᠭᠡ ᠦᠢᠯᠡᠳᠬᠦ ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 23%᠂ 17.1%᠂ 10.3% ᠪᠠᠷ ᠨᠡᠮᠡᠭᠳᠡᠪᠡ︔ ᠭᠡᠷ ᠲᠤ ᠪᠠᠨ ᠬᠡᠷᠡᠭᠯᠡᠬᠦ ᠬᠤᠪᠴᠠᠰᠤ ᠤᠬᠢᠶᠠᠬᠤ ᠮᠠᠰᠢᠨ᠂ ᠣᠶᠤᠨᠲᠤ ᠲᠧᠯᠸᠢᠰ᠂ ᠭᠡᠷ ᠤᠨ ᠴᠠᠬᠢᠯᠭᠠᠨ ᠬᠥᠯᠳᠡᠭᠡᠭᠦᠷ ᠵᠡᠷᠭᠡ ᠦᠢᠯᠡᠳᠬᠦᠨ ᠤ ᠭᠠᠷᠤᠯᠲᠠ ᠴᠥᠮ ᠨᠡᠯᠢᠶᠡᠳ ᠲᠦᠷᠭᠡᠨ ᠨᠡᠮᠡᠭᠳᠡᠪᠡ᠃ ᠡᠭᠦᠨ ᠤ ᠬᠠᠮᠲᠤ ᠪᠠᠰᠠ ᠴᠥᠭᠡᠨ ᠪᠤᠰᠤ ᠠᠵᠤ ᠠᠬᠤᠶᠢᠯᠠᠯ ︽ᠬᠤᠶᠠᠷ ᠰᠢᠨ᠎ᠡ︾ ᠬᠦᠷᠢᠶᠡᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ᠂ ᠲᠥᠬᠦᠭᠡᠷᠦᠮᠵᠢ ᠦᠢᠯᠡᠳᠬᠦ᠂ ᠬᠡᠷᠡᠭᠯᠡᠭᠡ ᠶᠢᠨ ᠵᠦᠢᠯᠡᠰ ᠤᠨ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠪᠡᠯᠡ ᠣᠷᠣᠭᠤᠯᠤᠯᠲᠠ ᠪᠠᠨ ᠨᠡᠮᠡᠭᠳᠡᠭᠦᠯᠦᠭᠰᠡᠨ ᠢ ᠣᠯᠵᠤ ᠬᠠᠷᠠᠬᠤ ᠬᠡᠷᠡᠭᠲᠡᠢ᠃ ᠲᠦᠷᠦᠭᠦᠦ 8 ᠰᠠᠷ᠎ᠠ ᠳᠤ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ᠂ ᠬᠡᠷᠡᠭᠯᠡᠭᠡ ᠶᠢᠨ ᠵᠦᠢᠯᠡᠰ ᠦᠢᠯᠡᠳᠬᠦ ᠦᠢᠯᠡᠰ᠂ ᠲᠦᠭᠦᠬᠡᠢ ᠮᠠᠲ᠋ᠧᠷᠢᠶᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠲᠤᠰ ᠲᠤᠰ 10%᠂ 14.9%᠂ 9% ᠪᠠᠷ ᠨᠡᠮᠡᠭᠳᠡᠪᠡ᠃     ᠳᠥᠷᠪᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠲᠡᠢ ᠳᠡᠭᠡᠭᠰᠢᠯᠡᠭᠦᠯᠪᠡ᠃ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ︽ᠬᠤᠶᠠᠷ ᠰᠢᠨ᠎ᠡ︾ ᠠᠵᠢᠯ ᠤᠨ ᠴᠢᠬᠤᠯᠠ ᠦᠷ᠎ᠡ ᠳ᠋ᠦᠩ ᠮᠥᠨ᠃ ᠡᠨᠡ ᠲᠠᠯ᠎ᠠ ᠪᠠᠷ ᠪᠢᠳᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠶᠡᠭᠡ ᠬᠡᠮᠵᠢᠶᠡᠨ ᠤ ᠠᠵᠢᠯ ᠢ ᠥᠷᠨᠢᠭᠦᠯᠪᠡ᠃ ᠵᠢᠱᠢᠶᠡᠯᠡᠪᠡᠯ᠂ ᠪᠠᠷᠢᠯᠭ᠎ᠠ ᠶᠢᠨ ᠠᠵᠢᠯ ᠳᠤ ᠬᠤᠯᠪᠣᠭᠳᠠᠭᠤᠯᠤᠨ ᠬᠤᠳᠠ ᠶᠢᠨ ᠶᠠᠪᠤᠳᠠᠯ ᠤᠨ ᠳᠤᠲᠠᠭᠤᠳᠠᠯ ᠲᠠᠢ ᠬᠦᠷᠢᠶ᠎ᠡ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢᠨ ᠰᠢᠨᠡᠴᠢᠯᠡᠯᠲᠡ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠪᠠ᠃ ᠲᠦᠷᠦᠭᠦᠦ 8 ᠰᠠᠷ᠎ᠠ ᠳᠤ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠯᠤᠭ᠎ᠠ ᠨᠢᠭᠲᠠ ᠬᠤᠯᠪᠣᠭ᠎ᠠ ᠲᠠᠢ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ 23.5% ᠪᠠᠷ ᠨᠡᠮᠡᠭᠳᠡᠪᠡ᠃ ᠪᠠᠰᠠ ᠵᠢᠱᠢᠶᠡᠯᠡᠪᠡᠯ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠬᠦᠷᠢᠶ᠎ᠡ ᠴᠠᠷᠠᠭ᠎ᠠ ᠶᠢᠨ ᠲᠥᠬᠦᠭᠡᠷᠦᠮᠵᠢ ᠶᠢᠨ ᠰᠢᠨᠡᠴᠢᠯᠡᠯᠲᠡ᠂ ᠣᠶᠤᠨᠴᠢ ᠰᠣᠶᠣᠯ ᠵᠢᠭᠤᠯᠴᠢᠯᠠᠯ ᠵᠡᠷᠭᠡ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃     ᠲᠠᠪᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠲᠤᠯᠭᠠᠭᠤᠷᠢᠯᠠᠪᠠ᠃ ︽ᠬᠤᠶᠠᠷ ᠰᠢᠨ᠎ᠡ︾ ᠠᠵᠢᠯ ᠤᠨ ᠴᠢᠬᠤᠯᠠ ᠬᠠᠷᠠᠯᠲᠠ ᠪᠣᠯ ᠳᠠᠷᠤᠢ ᠨᠠᠩ ᠣᠯᠠᠨ ᠨᠠᠩ ᠶᠡᠭᠡ ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠬᠦᠨ ᠢ ᠬᠡᠷᠡᠭᠯᠡᠬᠦ ᠪᠠᠷ ᠳᠠᠮᠵᠢᠭᠤᠯᠤᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠬᠦ ᠶᠠᠪᠤᠳᠠᠯ ᠪᠣᠯᠣᠨ᠎ᠠ᠃  ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠨᠡᠮᠡᠭᠳᠡᠯ ᠨᠡᠯᠢᠶᠡᠳ ᠰᠠᠶᠢᠨ ᠪᠠᠶᠢᠵᠤ᠂ 8 ᠳ᠋ᠤᠭᠠᠷ ᠰᠠᠷ᠎ᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠪᠣᠷᠣᠯᠠᠭᠤᠯᠤᠭᠰᠠᠨ ᠪᠠ ᠴᠠᠬᠢᠯᠭᠠᠨ ᠴᠡᠨᠡᠭᠯᠡᠬᠦ ᠱᠣᠩ ᠢ ᠤᠭᠰᠠᠷᠠᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 30.5% ᠪᠠ 97% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠪᠴᠢᠯᠲᠡ ᠶᠢᠨ ᠨᠣᠷᠮ᠎ᠠ 53.9% ᠳᠤ ᠬᠦᠷᠴᠦ᠂ ᠬᠤᠶᠠᠷ ᠰᠠᠷ᠎ᠠ ᠳᠠᠷᠠᠭᠠᠯᠠᠨ 50% ᠶᠢ ᠳᠠᠪᠠᠪᠠ᠃ ᠡᠨᠧᠷᠭᠢ ᠠᠷᠪᠢᠯᠠᠬᠤ ᠭᠡᠷ ᠤᠨ ᠴᠠᠬᠢᠯᠭᠠᠨ ᠬᠡᠷᠡᠭᠰᠡᠯ ᠤᠨ ᠵᠢᠵᠢᠭᠯᠡᠨ ᠪᠣᠷᠣᠯᠠᠭᠤᠯᠤᠯᠲᠠ ᠲᠦᠷᠭᠡᠨ ᠨᠡᠮᠡᠭᠳᠡᠵᠦ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ 8 ᠳ᠋ᠤᠭᠠᠷ ᠰᠠᠷ᠎ᠠ ᠶᠢᠨ 26 ᠤ ᠡᠳᠦᠷ ᠠᠴᠠ 9 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ ᠪᠥᠬᠦ ᠤᠯᠤᠰ ᠤᠨ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠪᠦᠬᠦᠢ ᠬᠥᠯᠳᠡᠭᠡᠭᠦᠷ᠂ ᠠᠭᠠᠷ ᠲᠣᠬᠢᠷᠠᠭᠤᠯᠤᠭᠴᠢ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠰᠢᠲᠠᠮᠠᠬᠠᠢ ᠬᠡᠢ ᠬᠡᠷᠡᠭᠯᠡᠬᠦ ᠤᠰᠤ ᠬᠠᠯᠠᠭᠠᠭᠤᠷ ᠤᠨ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠶᠢᠨ ᠬᠡᠮᠵᠢᠶ᠎ᠡ ᠲᠣᠰ ᠲᠣᠰ ᠠᠳᠠᠯᠢ ᠬᠤᠭᠤᠴᠠᠭᠠᠨ ᠤ ᠬᠢ ᠠᠴᠠ 54.6%᠂ 140.2%᠂ 31.8%᠂ 396.2%᠂ 78.41% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠳᠠᠯᠢ ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠠᠴᠠ ᠲᠦᠷᠭᠡᠨ ᠪᠠᠶᠢᠪᠠ᠃ ᠡᠭᠦᠨ ᠤ ᠬᠠᠮᠲᠤ᠂ ᠡᠭᠡᠭᠦᠯᠦᠨ ᠠᠪᠴᠤ ᠡᠷᠭᠢᠯᠳᠦᠭᠦᠯᠦᠨ ᠠᠰᠢᠭᠯᠠᠬᠤ ᠠᠵᠢᠯᠯᠠᠭ᠎ᠠ᠂ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠴᠤ ᠢᠳᠡᠪᠬᠢᠲᠡᠢ ᠠᠬᠢᠴᠠ ᠲᠠᠢ ᠪᠣᠯᠵᠤ᠂ ᠲᠦᠷᠦᠭᠦᠦ 8 ᠰᠠᠷ᠎ᠠ ᠳᠤ᠂ ᠪᠦᠬᠦ ᠤᠯᠤᠰ ᠤᠨ ᠣᠶᠤᠨᠴᠢᠯᠠᠭᠰᠠᠨ ᠨᠡᠶᠢᠭᠡᠮ ᠲᠣᠭᠤᠷᠢᠭ ᠤᠨ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠠᠪᠬᠤ ᠲᠥᠬᠦᠭᠡᠷᠦᠮᠵᠢ 5900 5900ᠭᠠᠷᠤᠢ ᠰᠢᠨ᠎ᠡ ᠪᠠᠷ ᠨᠡᠮᠡᠭᠳᠡᠵᠦ᠂ ᠬᠡᠷᠡᠭᠯᠡᠭᠡ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠠᠪᠤᠭᠰᠠᠨ ᠬᠡᠮᠵᠢᠶ᠎ᠡ 421 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ 42.4% ᠪᠠᠷ ᠨᠡᠮᠡᠭᠳᠡᠪᠡ᠃ ᠭᠤᠣᠯᠳᠠᠯᠭ᠎ᠠ ᠲᠠᠢ ᠬᠦᠷᠢᠶᠡᠨ ᠤ ᠪᠠᠷᠢᠮᠵᠢᠶ᠎ᠠ ᠶᠢ ᠲᠦᠷᠭᠡᠨ ᠲᠣᠭᠲᠠᠭᠠᠵᠤ᠂ ᠵᠠᠰᠠᠪᠤᠷᠢ ᠣᠷᠣᠭᠤᠯᠵᠤ ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠪᠠ᠃      ᠨᠠᠩ ᠣᠯᠠᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠠᠶᠢᠴᠠᠭᠠᠨ ᠦᠵᠡᠶ᠎ᠡ ᠭᠡᠪᠡᠯ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠰᠡᠳ ᠤᠨ ᠦᠵᠦᠭᠦᠷ ᠤᠨ ᠵᠢᠵᠢᠭ ᠫᠷᠣᠭ᠍ᠷᠠᠮ ﹇ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠵᠦ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ﹈ ᠤᠨ ᠲᠤᠰᠬᠠᠢ ᠲᠣᠭᠤᠷᠢᠭ ᠲᠤ ᠠᠩᠬᠠᠷᠤᠯ ᠲᠠᠯᠪᠢᠭᠠᠷᠠᠢ
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号