ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠵᠦ ︽ᠬᠤᠣᠷ ᠦᠭᠡᠢ︾ ᠠᠭᠤᠷᠬᠠᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/10/9
     ᠡᠶ᠎ᠡ ᠵᠣᠬᠢᠴᠠᠩᠭᠤᠢ  ᠲᠣᠭᠲᠠᠭᠤᠨ ᠨᠡᠶᠢᠭᠡᠮ ᠤᠨ ᠠᠮᠤᠷ ᠲᠦᠪᠰᠢᠨ ᠣᠷᠴᠢᠨ ᠲᠣᠭᠤᠷᠢᠨ ᠢ  ᠪᠤᠢ ᠪᠤᠯᠭᠠᠵᠤ᠂ ᠬᠤᠣᠷᠲᠤ ᠡᠳ᠋ ᠲᠤ ᠬᠤᠯᠪᠣᠭᠳᠠᠭᠰᠠᠨ ᠬᠡᠷᠡᠭ ᠡᠭᠦᠰᠬᠦ ᠶᠢ ᠪᠦᠲᠦᠮᠵᠢᠲᠡᠶ  ᠬᠤᠷᠢᠭᠯᠠᠬᠤ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠡᠷᠡᠭᠦᠦ ᠶᠢᠨ ᠬᠡᠷᠡᠭ  ᠢ ᠪᠠᠶᠢᠴᠠᠭᠠᠬᠤ ᠶᠡᠭᠡ ᠠᠩᠭᠢ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂  ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠢᠦᠢ ᠯᠦᠩ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠬᠤᠣᠷ ᠴᠠᠭᠠᠵᠠᠯᠠᠬᠤ ᠤᠬᠠᠭᠤᠯᠭ᠎ᠠ ᠰᠣᠷᠲᠠᠯᠴᠢᠯᠠᠭ᠎ᠠ ᠬᠢᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠬᠤᠣᠷᠲᠤ ᠡᠳ᠋  ᠤᠨ ᠰᠢᠭᠡᠰᠦᠨ ᠪᠠᠶᠢᠴᠠᠭᠠᠯᠲᠠ ᠬᠢᠵᠦ ᠥᠭᠴᠦ᠂ ᠠᠵᠢᠯᠲᠠᠨ ᠠᠵᠢᠯᠴᠢᠨ ᠤ ᠪᠠᠶᠢᠴᠠᠭᠠᠯᠲᠠ ᠬᠢᠯᠭᠡᠬᠦ ᠳᠤ ᠨᠠᠰᠢ ᠴᠠᠰᠢ ᠵᠠᠮ ᠶᠠᠪᠤᠬᠤ ᠠᠰᠠᠭᠤᠳᠠᠯ ᠢ ᠳᠦᠭᠦᠮ ᠰᠢᠢᠳᠪᠦᠷᠢᠯᠡᠵᠦ᠂  ᠦᠢᠯᠡᠴᠢᠯᠡᠭᠡ ᠶᠢ ︽ᠡᠭᠦᠳᠡᠨ ᠡᠮᠦᠨ᠎ᠡ︾ ᠨᠢ ᠬᠥᠷᠭᠡᠬᠦ ᠶᠢ ᠥᠨᠡᠨᠬᠦ ᠪᠠᠲᠤᠯᠠᠭᠰᠠᠨ ᠪᠠᠶᠢᠨ᠎ᠠ᠃      9 ᠰᠠᠷ᠎ᠠ ᠶᠢᠨ 25 ᠤ ᠡᠳᠦᠷ᠂ ᠪᠠᠶᠢᠴᠠᠭᠠᠨ ᠰᠢᠯᠭᠠᠬᠤ ᠲᠤᠬᠠᠢ ᠶᠢᠨ ᠲᠠᠯᠠᠪᠤᠷ ᠲᠤ᠂ ᠲᠥᠪ ᠭᠤᠥᠯᠴᠢ᠂ ᠢᠯᠡ ᠲᠣᠳᠣ ᠪᠠᠶᠢᠴᠠᠭᠠᠨ ᠰᠢᠯᠭᠠᠬᠤ ᠪᠠᠷᠢᠮᠵᠢᠶ᠎ᠠ ᠶᠣᠰᠣᠭᠠᠷ᠂ ᠲᠤᠰᠬᠠᠢ ᠠᠵᠢᠯᠲᠠᠨ ᠠᠴᠠ ᠪᠠᠶᠢᠴᠠᠭᠠᠯᠲᠠ ᠳᠤ ᠣᠷᠣᠯᠴᠠᠭᠰᠠᠳ ᠤᠨ ᠪᠡᠶ᠎ᠡ ᠶᠢᠨ ᠭᠠᠷᠤᠯ ᠢ ᠨᠠᠷᠢᠨ ᠬᠢᠨᠠᠮᠠᠭᠠᠢ ᠬᠠᠷᠭᠤᠭᠤᠯᠤᠨ ᠲᠣᠳᠣᠯᠠᠵᠤ᠂ ︽ᠲᠤᠬᠠᠢ ᠶᠢᠨ ᠲᠠᠯᠠᠪᠤᠷ ᠲᠠᠬᠢ ᠭᠤᠷᠪᠠᠨ ᠶᠠᠪᠤᠴᠠ︾ ᠶᠢ ᠴᠢᠩᠲᠠᠯᠠᠵᠤ᠂ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠰᠢᠯᠭᠠᠵᠤ᠂ ᠥᠯᠢᠭᠡᠷ ᠡᠳ᠋ ᠤᠨ ᠦᠨᠡᠨ ᠪᠣᠳᠠᠲᠤ ᠴᠢᠨᠠᠷ ᠢ ᠪᠠᠲᠤᠯᠠᠵᠤ᠂ ᠲᠠᠩᠰᠠᠨ ᠳᠤ ᠪᠠᠶᠢᠭ᠎ᠠ ᠬᠥᠮᠥᠰ ᠤᠨ ︽ᠪᠠᠶᠢᠴᠠᠭᠠᠯᠲᠠ ᠶᠢ ᠣᠷᠬᠢᠭᠳᠠᠭᠤᠯᠬᠤ ᠦᠭᠡᠢ᠂ ᠪᠠᠶᠢᠴᠠᠭᠠᠯᠲᠠ ᠶᠢ ᠣᠷᠣᠯᠠᠬᠤ ᠦᠭᠡᠢ᠂ ᠪᠠᠶᠢᠴᠠᠭᠠᠯᠲᠠ ᠶᠢ ᠲᠡᠪᠴᠢᠬᠦ ᠦᠭᠡᠢ︾ ᠪᠠᠶᠢᠬᠤ ᠶᠢ ᠪᠡᠶᠡᠯᠡᠭᠦᠯᠵᠦ᠂  ᠪᠠᠶᠢᠴᠠᠭᠠᠭᠰᠠᠨ ᠦᠷ᠎ᠡ ᠳ᠋ᠦᠩ ᠤᠨ ᠪᠤᠰᠤᠳᠴᠢ᠂ ᠲᠥᠪ ᠭᠤᠥᠯᠴᠢ᠂ ᠦᠨᠡᠨ ᠪᠣᠳᠠᠲᠠᠢ ᠪᠠᠶᠢᠬᠤ ᠶᠢ ᠦᠨᠡᠨ ᠬᠦ  ᠪᠠᠲᠤᠯᠠᠵᠤ  ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠲᠡᠷᠡ ᠳᠣᠣᠷ᠎ᠠ  ᠨᠢ ᠨᠡᠶᠢᠲᠡᠯᠡᠬᠦ ᠶᠢᠨ ᠬᠠᠮᠲᠤ ᠳᠠᠩᠰᠠᠯᠠᠵᠤ᠂ ᠪᠦᠬᠦ᠋ᠢᠯᠡ ᠪᠠᠶᠢᠴᠠᠭᠠᠨ ᠰᠢᠯᠭᠠᠬᠤ ᠠᠵᠢᠯ ᠡᠮᠬᠢ ᠳᠢᠭᠯᠢᠮ ᠲᠠᠢ ᠪᠥᠭᠡᠳ ᠴᠢᠩᠭ᠎ᠠ ᠵᠢᠷᠤᠮᠵᠢᠯ ᠲᠠᠢ  ᠶᠠᠪᠤᠭᠳᠠᠭᠰᠠᠨ ᠪᠠᠶᠢᠨ᠎ᠠ᠃ ᠲᠤᠬᠠᠢ ᠶᠢᠨ ᠲᠠᠯᠠᠪᠤᠷ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠪᠡᠯ᠂ ᠪᠠᠶᠢᠴᠠᠭᠠᠭᠳᠠᠭᠴᠢ ᠨᠢ ᠴᠥᠮ ᠪᠢᠯᠢᠭ ᠴᠢᠨᠠᠷᠲᠠᠢ ᠪᠠᠶᠢᠵᠤ᠂ ᠬᠤᠣᠷᠲᠤ ᠡᠳ᠋ ᠲᠤ ᠬᠤᠯᠪᠣᠭᠳᠠᠭᠰᠠᠨ ᠡᠲᠡᠭᠡᠳ ᠭᠠᠷᠣᠭᠰᠠᠨ ᠦᠭᠡᠢ᠃ ᠪᠠᠶᠢᠴᠠᠭᠠᠯᠲᠠ ᠳᠤ ᠣᠷᠣᠯᠴᠠᠭᠰᠠᠨ ᠠᠵᠢᠯᠲᠠᠨ ᠠᠴᠠ᠄ ︽ᠲᠣᠰ ᠤᠳᠠᠭᠠᠨ ᠤ ᠪᠠᠶᠢᠴᠠᠭᠠᠨ ᠰᠢᠯᠭᠠᠬᠤ ᠠᠵᠢᠯ ᠨᠢ ᠮᠠᠰᠢ ᠬᠥᠮᠥᠡᠯᠢᠭ ᠴᠢᠨᠠᠷᠲᠠᠢ ᠪᠠᠶᠢᠵᠤ᠂  ᠪᠢᠳᠡᠨ ᠳᠤ ᠪᠠᠭ᠎ᠠ ᠪᠤᠰᠤ ᠴᠠᠭ  ᠢ ᠠᠷᠪᠢᠯᠠᠵᠤ ᠥᠭᠭᠦᠭᠰᠡᠨ ᠮᠦᠷᠲᠡᠭᠡᠨ ᠲᠤᠩ ᠳᠦᠭᠦᠮ  ᠦᠵᠡᠭᠦᠯᠦᠭᠰᠡᠨ ᠪᠠᠶᠢᠨ᠎ᠠ︾  ᠭᠡᠪᠡ᠃      ᠲᠤᠬᠠᠢ ᠶᠢᠨ ᠲᠠᠯᠠᠪᠣᠷ ᠲᠤ ᠪᠠᠰᠠ ᠠᠷᠠᠳ ᠤᠨ ᠴᠠᠭᠳᠠᠭ᠎ᠠ ᠨᠠᠷ ᠠᠴᠠ ᠠᠵᠢᠯᠲᠠᠨ ᠠᠵᠢᠯᠴᠢᠨ ᠳᠤ ᠬᠤᠣᠷ ᠴᠠᠭᠠᠵᠠᠯᠠᠬᠤ ᠲᠤᠬᠠᠢ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠬᠤᠣᠷ ᠢ  ᠲᠠᠨᠢᠵᠤ᠂ ᠬᠤᠣᠷ ᠢ  ᠰᠡᠷᠭᠡᠶᠢᠯᠡᠵᠦ᠂ ᠬᠤᠣᠷ ᠢ ᠡᠰᠡᠷᠭᠦᠴᠡᠵᠦ᠂ ᠠᠮᠣᠷ ᠳᠦᠪᠰᠢᠨ ᠠᠵᠤ ᠠᠬᠤᠶᠢᠯᠠᠯ ᠤᠨ ᠣᠷᠴᠢᠨ ᠲᠤᠭᠤᠷᠢᠨ ᠢ ᠦᠷᠭᠦᠯᠵᠢᠯᠡᠨ ᠬᠠᠮᠠᠭᠠᠯᠠᠬᠤ ᠶᠢ ᠣᠷᠢᠶᠠᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号