10 ᠰᠠᠷ᠎ᠠ ᠶᠢᠨ 30 ᠤ ᠡᠳᠦᠷ᠂ ︽ᠭᠤᠷᠣᠬᠠᠨ ᠮᠠᠯᠵᠢᠯ ᠤᠨ ᠲᠠᠯᠠᠪᠠᠶ ᠶᠢᠨ ᠳᠤᠷᠠᠳᠬᠠᠯ ᠲᠡᠮᠳᠡᠭᠯᠡᠯ︾ ᠨᠣᠮ ᠢ | ᠲᠠᠷᠬᠠᠭᠠᠬᠤ ᠶᠣᠰᠣᠯᠠᠯ ᠭᠤᠷᠣᠬᠠᠨ ᠪᠠᠯᠭᠠᠰᠤᠨ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠯᠣᠳ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠳᠬᠠᠨᠪᠠᠭᠠᠲᠣᠷ ᠠᠵᠢᠯᠯᠠᠭ᠎ᠠ ᠳᠤ ᠣᠷᠣᠯᠴᠠᠵᠠᠢ᠃ | | ︽ᠭᠤᠷᠣᠬᠠᠨ ᠮᠠᠯᠵᠢᠯ ᠤᠨ ᠲᠠᠯᠠᠪᠠᠶ ᠶᠢᠨ ᠳᠤᠷᠠᠳᠬᠠᠯ ᠲᠡᠮᠳᠡᠭᠯᠡᠯ︾ ᠭᠡᠬᠦ ᠨᠣᠮ ᠨᠢ ᠨᠡᠶᠢᠲᠡ 10 ᠪᠦᠯᠦᠭ | 50 ᠬᠡᠰᠡᠭ ᠲᠠᠢ᠂ ᠭᠤᠣᠯᠳᠠᠭᠤ ᠪᠠᠶᠢᠭᠠᠯᠢ ᠶᠢᠨ ᠣᠷᠴᠢᠨ ᠲᠣᠭᠤᠷᠢᠨ᠂ ᠵᠠᠰᠠᠭ ᠵᠠᠬᠢᠷᠭᠠᠨ ᠤ ᠥᠭᠡᠷᠡᠴᠢᠯᠡᠯᠲᠡ᠂ | ᠨᠠᠮ ᠤᠨ ᠪᠠᠶᠢᠭᠤᠯᠣᠮᠵᠢ ᠬᠢᠭᠡᠳ ᠣᠯᠠᠨ ᠲᠦᠮᠡᠨᠴᠢ ᠵᠤᠬᠢᠶᠠᠨ ᠪᠠᠶᠢᠭᠤᠯᠤᠯᠲᠠ᠂ ᠠᠵᠤ ᠠᠬᠤᠢ᠂ ᠦᠢᠯᠡᠳᠪᠦᠷᠢ | ᠠᠭᠤᠷᠬᠠᠢ᠂ ᠰᠣᠶᠣᠯ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠭᠡ ᠪᠠᠭᠤᠭᠰᠠᠨ | ᠰᠡᠬᠡᠬᠡᠲᠡᠨ ᠵᠠᠯᠠᠭᠤᠴᠤᠳ᠂ ᠭᠠᠴᠠᠭᠠᠨ ᠤ ᠦᠨᠳᠦᠰᠦᠨ ᠪᠠᠶᠢᠳᠠᠯ᠂ ᠴᠠᠭ ᠦᠶ᠎ᠡ ᠶᠢᠨ ᠵᠣᠷᠢᠭ ᠰᠠᠨᠠᠭᠠᠨ ᠤ ᠳᠦᠷᠢ | ᠳᠦᠷᠬᠦ᠂ ᠬᠦᠮᠦᠰ ᠤᠨ ᠦᠢᠯᠠᠯᠭ᠎ᠠ᠂ ᠲᠠᠯᠠᠪᠠᠢ ᠪᠠᠶᠢᠭᠤᠯᠬᠤ ᠦᠶ᠎ᠡ ᠶᠢᠨ ᠠᠶᠢᠯ ᠡᠷᠦᠬᠡ ᠨᠦᠭᠦᠳ ᠢ ᠲᠡᠮᠳᠡᠭᠯᠡᠨ | ᠲᠣᠭᠠᠴᠢᠭᠰᠠᠨ ᠪᠠᠶᠢᠨ᠎ᠠ᠃ ᠲᠤᠰ ᠨᠣᠮ ᠠᠭᠤᠯᠭ᠎ᠠ ᠪᠠᠷ ᠪᠠᠶᠠᠯᠢᠭ᠂ ᠠᠳᠠᠯᠢ ᠪᠤᠰᠤ ᠬᠠᠷᠠᠭᠠᠰᠤ ᠠᠴᠠ ᠭᠤᠷᠣᠬᠠᠨ | ᠪᠠᠯᠭᠠᠰᠤᠨ ᠤ ᠴᠠᠭ ᠦᠶ᠎ᠡ ᠶᠢᠨ ᠬᠤᠪᠢᠷᠠᠯᠲᠠ ᠶᠢ ᠶᠠᠷᠢᠵᠤ᠂ ᠭᠤᠷᠣᠬᠠᠨ ᠪᠠᠯᠭᠠᠰᠤᠨ ᠤ ᠬᠥᠭᠵᠢᠯᠲᠡ ᠶᠢᠨ ᠲᠡᠦᠬᠡ | ᠶᠢ ᠪᠤᠰᠤᠳᠴᠢ ᠪᠠᠷ ᠪᠦᠬᠦ ᠲᠠᠯ᠎ᠠ ᠪᠠᠷ ᠬᠠᠷᠠᠭᠤᠯᠵᠤ᠂ ᠠᠷᠠᠳᠴᠢᠯᠠᠯ ᠪᠠ ᠪᠦᠯᠬᠦᠮᠳᠡᠯ ᠤᠨ ᠬᠤᠶᠠᠷ ᠶᠡᠭᠡ ᠭᠤᠣᠯ | ᠰᠡᠳᠦᠪ ᠢ ᠭᠦᠢᠴᠡᠳ ᠪᠠᠳᠠᠷᠠᠭᠤᠯᠵᠤ᠂ ᠰᠣᠶᠣᠯ ᠲᠡᠦᠬᠡ ᠶᠢᠨ ᠮᠠᠲ᠋ᠧᠷᠢᠶᠠᠯ ᠤᠨ ︽ᠲᠡᠦᠬᠡ ᠶᠢ ᠬᠠᠳᠠᠭᠠᠯᠠᠬᠤ᠂ | ᠵᠠᠰᠠᠭ ᠲᠤ ᠲᠤᠰᠠᠯᠠᠬᠤ᠂ ᠪᠦᠯᠬᠦᠮᠳᠡᠬᠦ᠂ ᠬᠥᠮᠥᠨ ᠢ ᠬᠥᠮᠥᠵᠢᠭᠦᠯᠬᠦ︾ ᠦᠢᠯᠡᠳᠦᠯ ᠢ ᠦᠨᠡᠨᠬᠦ ᠪᠠᠳᠠᠷᠠᠭᠤᠯᠵᠠᠢ᠃ | | ᠶᠣᠰᠣᠯᠠᠯ ᠳᠤ᠂ ︽ᠭᠤᠷᠣᠬᠠᠨ ᠮᠠᠯᠵᠢᠯ ᠤᠨ ᠲᠠᠯᠠᠪᠠᠶ ᠶᠢᠨ ᠳᠤᠷᠠᠳᠬᠠᠯ ᠲᠡᠮᠳᠡᠭᠯᠡᠯ︾ ᠤᠨ ᠭᠤᠣᠯ | ᠨᠠᠶᠢᠷᠠᠭᠤᠯᠤᠭᠴᠢ ᠰᠠᠭᠠᠷᠠ ᠠᠴᠠ ᠨᠠᠶᠢᠷᠠᠭᠤᠯᠤᠨ ᠪᠢᠴᠢᠭᠰᠡᠨ ᠪᠠᠶᠢᠳᠠᠯ ᠢᠶᠠᠨ ᠣᠯᠠᠨ ᠳᠤ ᠨᠠᠷᠢᠨ ᠲᠠᠨᠢᠯᠴᠠᠭᠤᠯᠵᠤ᠂ | ᠨᠣᠮ ᠪᠡᠯᠡᠭᠯᠡᠬᠦ ᠶᠣᠰᠣᠯᠠᠯ ᠶᠠᠪᠤᠭᠤᠯᠵᠤ᠂ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠃ | ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠳ ᠭᠤᠷᠣᠬᠠᠨ ᠪᠠᠯᠭᠠᠰᠤᠨ ᠤ ᠨᠠᠮ ᠪᠠ ᠤᠯᠠᠨ ᠲᠦᠮᠡᠨ ᠳᠤ | ᠦᠢᠯᠡᠴᠢᠯᠡᠬᠦ ᠲᠥᠪ᠂ ᠭᠤᠷᠣᠬᠠᠨ ᠪᠠᠯᠭᠠᠰᠤᠨ ᠤ ᠰᠡᠬᠡᠭᠡᠲᠡᠨ ᠤ ᠰᠣᠶᠣᠯ ᠤᠨ ᠦᠵᠡᠭᠦᠯᠦᠯᠭᠡ ᠶᠢᠨ ᠲᠠᠩᠬᠢᠮ ᠢᠶᠠᠷ | ᠲᠣᠭᠤᠷᠢᠨ ᠦᠵᠡᠵᠦ᠂ ᠥᠨᠥᠳᠥᠷ ᠤᠨ ᠰᠠᠶᠢᠨ ᠰᠠᠶᠢᠬᠠᠨ ᠠᠮᠢᠳᠤᠷᠠᠯ ᠢ ᠣᠶᠢᠯᠠᠭᠠᠵᠤ᠂ ᠥᠩᠭᠡᠷᠡᠭᠰᠡᠨ ᠢᠶᠠᠨ | ᠳᠤᠷᠠᠰᠤᠨ ᠰᠠᠨᠠᠭᠠᠯᠵᠠᠪᠠ᠃ |