ᠲᠠᠪᠢᠨ ᠵᠢᠯ ᠤᠨ ᠲᠡᠦᠭᠡ ᠶᠢᠨ ᠬᠠᠭᠤᠳᠠᠰᠣ ᠶᠢ ᠰᠡᠭᠦᠭᠦᠢ | ᠲᠡᠭᠡᠷ᠎ᠡ ᠵᠠᠭᠤᠨ ᠤ ᠲᠠᠯᠠᠭᠠᠳ ᠣᠨ ᠳᠤ ᠬᠦᠭᠵᠢᠯᠲᠡ ᠶᠢᠨ ᠣᠷᠢᠬᠠᠨ ᠰᠠᠯᠬᠢ ᠬᠦᠳᠡᠭᠡ ᠨᠣᠳᠤᠭ ᠲᠤ ᠠᠨᠢᠷᠯᠠᠵᠣ | ᠪᠠᠶᠢᠬᠤ ᠴᠠᠭ ᠢᠶᠠᠷ ᠨᠢᠭᠡ ᠪᠦᠯᠦᠭ ᠴᠠᠭᠠᠨ ᠦᠭᠡᠷ ᠦᠵᠦᠮᠦᠴᠢᠨ ᠨᠣᠳᠤᠭ ᠲᠤ ᠢᠷᠡᠵᠦ᠂ ᠲᠣᠬᠠᠢ ᠶᠢᠨ ᠴᠠᠭ ᠲᠤ ᠮᠠᠯᠵᠢᠯ | ᠤᠨ ᠲᠠᠯᠠᠪᠠᠢ ᠳᠤ ᠲᠦᠪᠯᠡᠷᠡᠬᠦᠯᠦᠨ ᠮᠠᠯᠵᠢᠬᠤ᠂ ᠡᠷᠦᠬᠡ ᠳᠤ ᠬᠤᠪᠢᠶᠠᠨ ᠦᠭᠬᠦ ᠵᠡᠷᠭᠡ ᠬᠡᠯᠪᠡᠷᠢ ᠪᠠᠷ ᠡᠨᠡᠬᠦ ᠹᠠᠷᠠᠨᠼᠢ ᠣᠯᠣᠰ | ᠠᠴᠠ ᠭᠠᠷᠣᠯᠲᠠᠢ ᠱᠠᠷᠦ᠋ᠯᠠᠢ ᠡᠭᠦᠯᠳᠡᠷ ᠤᠨ ᠦᠭᠡᠷ ᠨᠢ ᠦᠵᠦᠮᠦᠴᠢᠨ ᠨᠣᠳᠤᠭ ᠤᠨ ᠠᠭᠤᠷ ᠠᠮᠢᠰᠬᠤᠯ ᠳᠤ ᠲᠠᠰᠣᠨ | ᠵᠣᠬᠢᠴᠠᠵᠣ᠂ ᠦᠷᠡᠵᠢᠯ ᠰᠢᠮ᠎ᠡ ᠪᠠᠨ ᠦᠭᠴᠦ ᠦᠵᠦᠮᠦᠴᠢᠨ ᠴᠠᠭᠠᠨ ᠦᠭᠡᠷ ᠬᠡᠮᠡᠨ ᠠᠯᠳᠠᠷᠰᠢᠵᠣ ᠡᠨᠡ ᠨᠣᠳᠤᠭ ᠤᠨ ᠲᠠᠪᠢ | ᠭᠠᠷᠣᠢ ᠵᠢᠯ ᠤᠨ ᠬᠦᠭᠵᠢᠯ ᠬᠤᠪᠢᠷᠠᠯ ᠳᠤ ᠬᠦᠴᠦ ᠨᠡᠮᠡᠷᠢ ᠪᠠᠨ ᠦᠭᠭᠦᠭᠰᠡᠭᠡᠷ ᠢᠷᠡᠭᠰᠡᠨ ᠶᠣᠮ᠃ | ᠦᠵᠦᠮᠦᠴᠢᠨ ᠴᠠᠭᠠᠨ ᠦᠭᠡᠷ ᠨᠢ ᠪᠡᠶ᠎ᠡ ᠪᠢᠯᠳᠡᠷ ᠰᠠᠶᠢᠳᠠᠢ᠂ ᠮᠢᠬᠠᠨ ᠤ ᠴᠢᠨᠠᠷ ᠰᠠᠶᠢᠨ᠂ ᠭᠠᠳᠠᠭᠠᠳᠣ ᠥᠩᠭᠡ ᠲᠦᠷᠬᠦ | ᠪᠠᠷ ᠬᠦᠮᠦᠰ ᠤᠨ ᠠᠩᠬᠠᠷᠣᠯ ᠳᠤ ᠬᠦᠷᠴᠦ ᠴᠢᠳᠠᠳᠠᠭ ᠪᠦᠭᠡᠳ ᠲᠠᠯ᠎ᠠ ᠨᠣᠳᠤᠭ ᠲᠤ ᠲᠠᠰᠣᠨ ᠵᠣᠬᠢᠴᠠᠭᠰᠠᠨ ᠢᠶᠠᠷ | ᠠᠷᠠᠴᠢᠯᠠᠭ᠎ᠠ ᠮᠠᠯᠵᠢᠯᠭ᠎ᠠ ᠳᠤ ᠬᠦᠮᠦᠨ ᠤ ᠬᠦᠴᠦ ᠵᠠᠷᠣᠳᠠᠯ ᠮᠦᠩᠭᠦᠨ ᠳᠤ ᠠᠷᠪᠢᠳᠠᠢ᠂ ᠠᠵᠣ ᠠᠬᠤᠢ ᠶᠢᠨ ᠠᠰᠢᠭ | ᠣᠷᠣᠯᠭ᠎ᠠ ᠨᠡᠶᠢᠳᠡᠮ ᠰᠠᠶᠢᠨ ᠪᠠᠶᠢᠳᠠᠭ ᠢᠶᠠᠷ ᠮᠠᠯᠴᠢᠳ ᠤᠨ ᠨᠢᠭᠡ ᠠᠴᠠ ᠣᠯᠠᠨ ᠠᠶᠢᠯ ᠡᠷᠦᠭᠡ ᠶᠢᠨ ᠰᠣᠩᠭᠤᠨ ᠮᠠᠯᠵᠢᠬᠤ | ᠦᠭᠡᠷ ᠤᠨ ᠰᠢᠯᠢᠳᠡᠭ ᠡᠭᠦᠯᠳᠡᠷ ᠤᠨ ᠨᠢᠭᠡ ᠪᠣᠯᠵᠣ᠂ ᠴᠠᠭ ᠦᠶ᠎ᠠ᠂ ᠵᠠᠬ᠎ᠠ ᠲᠡᠯᠭᠡᠭᠦᠷ ᠤᠨ ᠬᠠᠨᠳᠣᠰᠢ ᠶᠢ ᠲᠠᠭᠠᠯᠳᠣᠨ | ᠮᠠᠯᠴᠢᠳ ᠴᠦ ᠪᠡᠯᠴᠢᠭᠡᠷ ᠣᠰᠣᠨ ᠳᠤ ᠪᠠᠨ ᠲᠣᠬᠢᠷᠠᠭᠤᠯᠣᠨ ᠴᠠᠭᠠᠨ ᠦᠭᠡᠷ ᠢᠶᠠᠨ ᠰᠢᠯᠢᠳᠡᠭ ᠡᠭᠦᠯᠳᠡᠷ ᠤᠨ ᠪᠣᠬ᠎ᠠ | ᠣᠷᠣᠭᠤᠯᠣᠨ ᠲᠠᠯᠪᠢᠬᠤ᠂ ᠢᠴᠡᠭᠡᠯ ᠦᠷ᠎ᠠ ᠶᠢᠨ ᠬᠡᠬᠡᠯᠳᠦᠭᠦᠯᠭᠡ ᠬᠢᠬᠦ ᠲᠠᠰᠢ ᠲᠡᠰ ᠲᠠᠪᠰᠢᠬᠦᠯᠦᠨ ᠰᠢᠯᠢᠳᠡᠭᠵᠢᠬᠦᠯᠵᠦ ᠠᠵᠣ | ᠠᠬᠤᠢ ᠶᠢᠨ ᠠᠰᠢᠭ ᠣᠷᠣᠯᠭ᠎ᠠ ᠪᠠᠨ ᠡᠳᠦᠷ ᠢᠷᠡᠬᠦᠶ᠎ᠡ ᠨᠡᠮᠡᠭᠳᠡᠬᠦᠯᠵᠦ ᠪᠠᠶᠢᠭ᠎ᠠ ᠶᠣᠮ᠃ ᠨᠡᠩ ᠢᠯᠡᠩᠭᠤᠶ᠎ᠠ ᠣᠶᠢᠷ᠎ᠠ ᠶᠢᠨ | ᠬᠤᠶᠠᠷ ᠵᠢᠯ ᠳᠤ ᠵᠠᠰᠠᠭ ᠤᠨ ᠣᠷᠳᠣᠨ᠂ ᠰᠣᠮᠣ ᠪᠠᠯᠭᠠᠰᠣ᠂ ᠮᠠᠯᠴᠢᠨ ᠡᠷᠦᠭᠡ᠂ ᠠᠵᠣ ᠠᠬᠤᠶᠢᠯᠠᠯ ᠬᠠᠮᠳᠣᠷᠠᠬᠤ ᠠᠷᠭ᠎ᠠ ᠵᠠᠮ | ᠢᠶᠠᠷ ᠦᠵᠦᠮᠦᠴᠢᠨ ᠴᠠᠭᠠᠨ ᠦᠭᠡᠷ ᠤᠨ ᠠᠵᠣ ᠦᠢᠯᠡᠰ ᠨᠢ ᠭᠠᠳᠠᠭᠰᠢ ᠬᠠᠮᠵᠢᠯᠴᠠᠬᠤ ᠠᠷᠠᠯᠵᠢᠶ᠎ᠠ ᠬᠤᠳᠠᠯᠳᠣᠭᠠᠨ ᠤ | ᠬᠡᠯᠬᠢᠶ᠎ᠡ ᠬᠤᠯᠪᠣᠭᠠᠨ ᠳᠤ ᠣᠷᠣᠵᠣ ᠡᠬᠢᠯᠡᠭᠰᠡᠨ ᠢᠶᠠᠷ᠂ ᠴᠠᠭᠠᠨ ᠦᠭᠡᠷ ᠤᠨ ᠠᠰᠢᠭ ᠣᠷᠣᠯᠭ᠎ᠠ ᠶᠢᠨ ᠨᠡᠮᠡᠭᠳᠡᠯ ᠨᠢ ᠣᠯᠠᠮ | ᠶᠡᠭᠡᠰᠴᠦ᠂ ᠵᠦᠪᠬᠡᠨ ᠠᠮᠢᠳᠣ ᠪᠠᠷ ᠪᠣᠷᠣᠯᠠᠭᠤᠯᠬᠤ ᠪᠢᠰᠢ᠂ ᠢᠳᠡᠭᠡᠨ ᠣᠮᠳᠠᠭᠠᠨ ᠤ ᠵᠠᠬ᠎ᠠ᠂ ᠲᠦᠷᠦᠯ ᠬᠤᠪᠢᠶᠠᠨ ᠨᠠᠷᠢᠯᠢᠭ | ᠡᠳ᠋ᠰᠢᠬᠦᠯᠬᠦ ᠵᠡᠷᠭᠡ ᠨᠠᠷᠢᠯᠢᠭ ᠪᠣᠷᠣᠯᠠᠭᠤᠯᠭ᠎ᠠ ᠲᠠᠰᠢ ᠬᠠᠨᠳᠣᠭᠰᠠᠨ ᠨᠢ ᠦᠵᠦᠮᠦᠴᠢᠨ ᠴᠠᠭᠠᠨ ᠦᠭᠡᠷ ᠤᠨ ᠦᠢᠯᠡᠰ ᠤᠨ | ᠬᠦᠭᠵᠢᠯᠲᠡ ᠶᠢᠨ ᠪᠠᠰᠠ ᠨᠢᠭᠡᠨ ᠰᠢᠨᠡᠬᠡᠨ ᠬᠦᠭᠵᠢᠯᠲᠡ ᠶᠢᠨ ᠠᠯᠬᠤᠮ ᠪᠣᠯᠵᠣ᠂ ᠡᠳᠦᠭᠡ ᠪᠦᠬᠦ ᠬᠤᠰᠢᠭᠤᠨ ᠤ | ᠬᠡᠪᠴᠢᠶᠡᠨ ᠳᠤ ᠴᠠᠭᠠᠨ ᠦᠭᠡᠷ 6 ᠲᠦᠮᠡ ᠭᠠᠷᠣᠢ ᠲᠣᠯᠣᠭᠠᠢ ᠶᠢ ᠲᠠᠪᠠᠵᠣ᠂ ᠲᠣᠰᠠᠬᠠᠢ ᠮᠠᠯᠵᠢᠵᠣ ᠪᠠᠶᠢᠭ᠎ᠠ ᠡᠷᠦᠭᠡ 800 | ᠳᠤ ᠬᠦᠷᠦᠭᠰᠡᠨ ᠪᠠᠶᠢᠨ᠎ᠠ᠃ | ᠲᠠᠯ᠎ᠠ ᠶᠢ ᠴᠢᠮᠡᠬᠦ ᠴᠢᠨᠳᠠᠭᠠᠨ ᠴᠠᠭᠠᠨ ᠠᠳᠣᠭᠤᠳ | ᠴᠠᠭᠠᠨ ᠵᠢᠰᠣᠮ ᠤᠨ ᠥᠩᠭᠡ ᠲᠦᠷᠬᠦ᠂ ᠪᠡᠶ᠎ᠡ ᠭᠠᠯᠪᠢᠷ᠂ ᠣᠨᠴᠠᠯᠢᠭ ᠰᠢᠨᠵᠢ ᠪᠠᠷ ᠢᠶᠠᠨ ᠪᠣᠰᠣᠳ ᠠᠳᠣᠭᠤᠳ ᠠᠴᠠ | ᠪᠠᠨ ᠢᠯᠡᠳᠳᠡ ᠣᠨᠴᠠᠯᠢᠭᠳᠠᠳᠠᠭ ᠦᠵᠦᠮᠦᠴᠢᠨ ᠴᠠᠭᠠᠨ ᠠᠳᠣᠭᠤ ᠨᠢ ᠦᠵᠦᠮᠦᠴᠢᠨ ᠨᠣᠳᠤᠭ ᠤᠨ ᠪᠠᠰᠠ ᠨᠢᠭᠡᠨ | ᠰᠢᠯᠢᠳᠡᠭ ᠡᠭᠦᠯᠳᠡᠷ ᠤᠨ ᠨᠢᠭᠡ ᠪᠣᠯᠣᠭᠰᠠᠭᠠᠷ ᠢᠷᠡᠭᠰᠡᠨ ᠶᠣᠮ᠃ ᠮᠡᠷᠭᠡᠵᠢᠯ ᠤᠨ ᠨᠣᠮ ᠪᠢᠴᠢᠭ ᠲᠤ ᠦᠵᠦᠮᠦᠴᠢᠨ ᠴᠠᠭᠠᠨ | ᠠᠳᠣᠭᠤ ᠶᠢ ᠭᠡᠭᠡᠨᠴᠢᠷ ᠭᠤᠶᠣᠮᠰᠤᠭ ᠲᠣᠮᠳᠠ ᠭᠡᠪ ᠤᠨ ᠪᠡᠶ᠎ᠡ ᠲᠠᠢ᠂ ᠲᠣᠯᠣᠭᠠᠢ ᠲᠡᠭᠡᠷ᠎ᠡ᠂ ᠬᠦᠵᠦᠭᠦᠦ ᠰᠡᠭᠡᠷ ᠦᠨᠳᠦᠷ᠂ | ᠢᠷᠣᠭᠤ ᠵᠣ ᠣᠷᠳᠣ ᠪᠦᠭᠡᠷᠡᠩᠬᠡᠢ ᠪᠦᠭᠡᠳ ᠥᠷᠭᠡᠨ᠂ ᠴᠡᠭᠡᠵᠢ ᠥᠷᠭᠡᠨ ᠲᠦᠷᠪᠡᠨ ᠮᠦᠴᠢ ᠢᠳᠡᠷᠯᠢᠭ᠂ ᠪᠣᠯᠴᠢᠩ ᠴᠢᠩᠭ᠎ᠠ᠂ | ᠬᠦᠷᠦᠰᠦ ᠨᠢ ᠨᠢᠮᠭᠡᠨ᠂ ᠬᠦᠯᠦᠷᠡᠵᠦ ᠬᠠᠳᠠᠬᠤ ᠨᠢ ᠠᠮᠠᠷᠬᠠᠨ ᠠᠮᠢᠰᠬᠤᠭ᠎ᠠ ᠠᠭᠤᠵᠢᠮ ᠬᠦᠶᠦᠳᠡᠯ ᠰᠠᠶᠢᠳᠠᠢ᠂ ᠲᠠᠷᠭᠤᠯᠠᠬᠤ | ᠨᠢ ᠬᠤᠷᠳᠣᠨ ᠭᠡᠵᠦ ᠲᠡᠮᠳᠡᠭᠯᠡᠭᠰᠨᠨ ᠪᠠᠶᠢᠳᠠᠭ᠃ | ᠣᠶᠢᠷ᠎ᠠ ᠶᠢᠨ ᠵᠢᠯ ᠪᠠᠷᠠᠭᠤᠨ ᠦᠵᠦᠮᠦᠴᠢᠨ ᠬᠤᠰᠢᠭᠤ ᠨᠢ ᠨᠣᠳᠤᠭ ᠣᠷᠣᠨ ᠤ ᠰᠢᠯᠢᠳᠡᠭ ᠡᠭᠦᠯᠳᠡᠷ ᠤᠨ ᠨᠢᠭᠡ | ᠪᠣᠯᠣᠭᠰᠠᠨ ᠴᠠᠭᠠᠨ ᠠᠳᠤᠭᠤᠨ ᠤ ᠪᠣᠰᠣᠳ ᠠᠳᠣᠭᠤᠳ ᠠᠴᠠ ᠲᠠᠪᠠᠭᠤᠯᠢᠭ ᠣᠨᠴᠠᠯᠢᠭ ᠰᠢᠨᠵᠢ ᠶᠢ ᠪᠦᠷᠢᠨ ᠠᠰᠢᠭᠯᠠᠵᠣ᠂ | ᠨᠣᠳᠤᠭ ᠣᠷᠣᠨ ᠤ ᠨᠠᠶᠢᠷ ᠨᠠᠭᠠᠳᠣᠮ ᠠᠶᠠᠯᠠᠯ ᠵᠢᠭᠤᠯᠴᠢᠯᠠᠯ ᠤᠨ ᠨᠡᠷᠡᠳᠦ ᠲᠡᠮᠳᠡᠭ ᠪᠣᠯᠭᠠᠬᠤ᠂ ᠴᠡᠭᠡᠨ ᠤ ᠦᠢᠯᠡᠰ ᠢ | ᠬᠦᠭᠵᠢᠬᠦᠯᠬᠦ᠂ ᠪᠦᠬᠦ ᠠᠷᠠᠳ ᠤᠨ ᠪᠡᠶ᠎ᠡ ᠴᠢᠬᠢᠷᠠᠭᠵᠢᠯ ᠤᠨ ᠲᠦᠷᠦᠯ ᠵᠦᠢᠯ ᠲᠠᠰᠢ ᠬᠦᠭᠵᠢᠬᠦᠯᠬᠦ᠂ ᠭᠧᠨ ᠤ ᠰᠣᠳᠣᠯᠭᠠᠨ ᠢ | ᠬᠢᠵᠦ ᠣᠳᠣᠮ ᠣᠭᠰᠢᠯ ᠢ ᠬᠠᠮᠠᠭᠠᠯᠠᠬᠤ ᠵᠡᠷᠭᠡ ᠪᠣᠳᠠᠳᠠᠢ ᠠᠵᠢᠯ ᠤᠳ ᠢ ᠵᠢᠯ ᠲᠠᠷᠠᠭᠠᠯᠠᠨ ᠥᠷᠨᠢᠬᠦᠯᠵᠦ᠂ ᠠᠳᠣᠭᠤᠨ ᠤ | ᠦᠢᠯᠡᠰ ᠢᠶᠠᠷ ᠠᠰᠢᠭ ᠣᠷᠣᠯᠭ᠎ᠠ ᠡᠭᠦᠳᠬᠦ ᠵᠣᠷᠢᠯᠭ᠎ᠠ ᠲᠠᠢ ᠮᠠᠯᠴᠢᠨ ᠡᠷᠦᠭᠡ ᠤᠳ ᠢ ᠲᠠᠶᠢᠴᠢᠯᠠᠵᠣ ᠴᠢᠳᠠᠭᠰᠠᠨ ᠪᠦᠭᠡᠳ | ᠠᠵᠣ ᠠᠬᠤᠢ᠂ ᠵᠢᠭᠤᠯᠴᠢᠯᠠᠯ ᠤᠨ ᠠᠰᠢᠭ ᠣᠷᠣᠯᠭ᠎ᠠ ᠶᠢ ᠨᠡᠮᠡᠭᠳᠡᠬᠦᠯᠦᠭᠰᠡᠭᠡᠷ ᠢᠷᠡᠭᠰᠡᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠠᠳᠤᠭᠤᠨ ᠤ ᠦᠢᠯᠡᠰ ᠤᠨ ᠨᠡᠶᠢᠭᠡᠮᠯᠢᠭ 2017 ᠣᠨ ᠤ 5 ᠰᠠᠷ᠎ᠠ ᠳᠤ | ᠪᠠᠶᠢᠭᠤᠯᠤᠭᠳᠠᠭᠰᠠᠨ ᠠᠴᠠ ᠨᠠᠰᠢ᠂ ᠠᠳᠤᠭᠤᠨ ᠰᠣᠶᠣᠯ ᠤᠨ ᠠᠵᠢᠯ ᠤᠨ ᠵᠢᠯᠤᠭᠤᠳᠬᠤ ᠡᠭᠦᠷᠭᠡ ᠴᠢᠳᠠᠪᠬᠢ ᠪᠠᠨ | ᠪᠠᠳᠠᠷᠠᠭᠤᠯᠵᠣ᠂ ᠠᠳᠤᠭᠤᠨ ᠰᠣᠶᠣᠯ ᠤᠨ ᠠᠵᠤ ᠠᠬᠤᠶᠢᠯᠠᠯ ᠪᠠ ᠮᠣᠷᠢ ᠣᠶᠠᠬᠤ᠂ ᠣᠷᠣᠯᠳᠣᠭᠤᠯᠬᠤ ᠵᠡᠷᠭᠡ ᠠᠵᠢᠯ ᠢ | ᠳᠠᠶᠢᠴᠢᠯᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠠᠰ᠂ ᠬᠤᠰᠢᠭᠤ ᠲᠠᠰ ᠤᠨ ᠡᠯ᠎ᠡ ᠲᠥᠷᠥᠯ ᠤᠨ ᠨᠠᠭᠠᠳᠤᠮ | ᠪᠠ ᠠᠳᠤᠭᠤᠨ ᠰᠣᠶᠣᠯ ᠤᠨ ᠨᠠᠶᠢᠷ ᠤᠨ ᠴᠠᠭᠠᠨ ᠠᠳᠤᠭᠤᠨ ᠤ ᠵᠢᠭᠰᠠᠭᠠᠯ᠂ ︽ᠮᠣᠩᠭᠤᠯ ᠮᠣᠷᠢᠨ ᠤ ᠵᠣᠷᠢᠭ ᠰᠠᠨᠠᠭ᠎ᠠ | ᠬᠤᠨᠳᠠᠭᠠᠲᠤ︾ ᠠᠳᠤᠭᠤᠨ ᠤ ᠬᠤᠯᠪᠣᠭᠠᠳᠣ ᠤᠷᠤᠯᠳᠤᠭᠠᠨ᠂ ︽ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ | ᠱᠣᠭᠤᠮ ᠬᠤᠨᠳᠠᠭᠠᠲᠤ︾ ᠮᠣᠩᠭᠤᠯ ᠮᠣᠷᠢᠨ ᠤ ᠤᠷᠤᠯᠳᠤᠭᠠᠨ ᠳᠤ 500 ᠭᠠᠷᠤᠢ ᠡᠷᠦᠬᠡ ︵ᠣᠳᠠᠭ᠎ᠠ︶᠂ 6000 | ᠭᠠᠷᠤᠢ ᠠᠳᠤᠭᠤ᠂ 60 ᠭᠠᠷᠤᠢ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠤᠷᠢᠳ ᠬᠤᠵᠢᠳ ᠬᠤᠰᠢᠭᠤᠨ ᠤ | ᠳᠣᠲᠣᠷᠠᠬᠢ 50 ᠭᠠᠷᠤᠢ ᠴᠠᠭᠠᠨ ᠠᠳᠤᠭᠤ ᠲᠡᠵᠢᠭᠡᠨ ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ᠂ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠣᠶᠣᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠠᠳᠤᠭᠤᠨ ᠤ ᠰᠣᠶᠣᠯ ᠤᠨ ᠦᠵᠡᠭᠦᠯᠦᠯᠭᠡ᠂ ᠳᠤᠮᠳᠠᠳᠤ ᠤᠯᠤᠰ ᠤᠨ ᠥᠪᠥᠷ ᠮᠣᠩᠭᠤᠯ ᠤᠨ ᠮᠣᠷᠢᠨ | ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠰᠣᠶᠣᠯ ᠤᠨ ᠨᠠᠶᠢᠷ | ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠭᠤᠯᠵᠠᠢ᠃ ᠠᠳᠤᠭᠤᠨ ᠤ ᠦᠢᠯᠡᠰ ᠤᠨ ᠨᠡᠶᠢᠭᠡᠮᠯᠢᠭ ᠤᠨ ᠤᠯᠠᠨ | ᠡᠰᠢᠴᠢᠯᠡᠭᠰᠡᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ 2019 ᠣᠨ ᠤ 11 ᠰᠠᠷ᠎ᠠ ᠳᠤ ︽ | ᠮᠣᠩᠭᠤᠯ ᠠᠳᠤᠭᠤᠨ ᠤ ᠵᠣᠷᠢᠭ ᠰᠠᠨᠠᠭᠠᠨ ᠤ ᠠᠴᠢ ᠬᠤᠯᠪᠣᠭᠳᠠᠯ ︱ ᠳᠡᠯᠡᠬᠡᠢ ᠶᠢᠨ ᠠᠳᠤᠭᠤᠨ ᠤ ᠰᠣᠶᠣᠯ ᠤᠨ ᠶᠠᠷᠢᠶᠠᠨ ᠤ | ᠲᠠᠪᠴᠠᠩ︾ ᠳᠤ ᠣᠷᠣᠯᠴᠠᠵᠤ᠂ ︽ᠤᠯᠠᠨ ᠤᠯᠤᠰ ᠤᠨ ᠠᠳᠤᠭᠤ ᠪᠠᠨ ᠬᠠᠶᠢᠷᠠᠯᠠᠬᠤ ᠡᠳᠦᠷ︾ ᠤᠨ ᠠᠵᠢᠯᠯᠠᠭ᠎ᠠ ᠲᠠᠢ | ᠤᠶᠠᠯᠳᠤᠭᠤᠯᠵᠤ᠂ ᠪᠦᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠤᠷᠢᠵᠤ | ᠰᠤᠷᠤᠭᠴᠢᠳ ᠲᠤ ᠠᠳᠤᠭᠤᠨ ᠰᠣᠶᠣᠯ ᠤᠨ ᠬᠢᠴᠢᠶᠡᠯ ᠣᠷᠣᠭᠤᠯᠬᠤ ᠪᠠ ᠤᠷᠤᠯᠳᠤᠭᠠᠨ ᠤ ᠠᠵᠢᠯᠯᠠᠭ᠎ᠠ ᠪᠠᠷ ᠴᠠᠭᠠᠨ | ᠮᠣᠷᠢᠨ ᠤ ᠵᠠᠬ᠎ᠠ ᠳᠡᠯᠭᠡᠭᠦᠷ ᠤᠨ ᠦᠨ᠎ᠡ ᠥᠷᠲᠡᠭ ᠢ ᠤᠯᠠᠮ ᠨᠢᠭᠡ ᠠᠯᠬᠤᠮ ᠠᠭᠤᠳᠠᠯᠬᠤ ᠶᠢᠨ ᠲᠥᠯᠥᠭᠡ᠂ 2023 ᠣᠨ ᠤ | 11 ᠰᠠᠷ᠎ᠠ ᠠᠴᠠ ᠣᠲᠣ ᠪᠣᠯᠲᠠᠯ᠎ᠠ᠂ ᠱᠧᠨᠵᠧᠨ ᠤ ᠠᠳᠣᠭᠤᠨ ᠤ ᠲᠠᠯᠠᠪᠠᠶ ᠶᠢᠨ ᠺᠯᠦ᠋ᠪ ᠲᠠᠢ ᠬᠠᠮᠲᠤᠷᠠᠨ ᠠᠵᠢᠯᠯᠠᠵᠤ᠂ | ᠵᠢᠭᠤᠯᠴᠢᠯᠠᠯ ᠳᠤ ᠬᠡᠷᠡᠭᠯᠡᠬᠦ᠂ ᠵᠢᠭᠠᠨ ᠰᠤᠷᠭᠠᠬᠤ ᠳᠤ ᠬᠡᠷᠡᠭᠯᠡᠬᠦ ᠵᠡᠷᠭᠡ ᠲᠤᠰᠬᠠᠢ ᠬᠡᠷᠡᠭᠯᠡᠬᠦ ᠮᠣᠷᠢ ᠶᠢ ᠪᠣᠶᠢᠵᠢᠭᠤᠯᠬᠤ ᠴᠠᠭᠠᠨ | ᠠᠳᠣᠭᠤᠨ ᠤ ᠦᠢᠯᠡᠰ ᠢ ᠬᠦᠭᠵᠢᠬᠦᠯᠬᠦ ᠠᠵᠢᠯ ᠢ ᠲᠦᠯᠬᠢᠨ ᠠᠬᠢᠭᠤᠯᠵᠤ ᠪᠠᠶᠢᠨ᠎ᠠ᠃ | 2023 ᠣᠨ ᠤ 9 ᠰᠠᠷ᠎ᠠ ᠠᠴᠠ ᠣᠲᠣ ᠪᠣᠯᠲᠠᠯ᠎ᠠ᠂ ᠬᠡᠭᠦᠨ ᠤ ᠠᠵᠤ ᠦᠢᠯᠡᠰ ᠡᠷᠭᠢᠯᠡᠵᠦ ᠪᠠᠶᠢᠭ᠎ᠠ ᠮᠠᠯᠵᠢᠬᠤ ᠡᠷᠦᠬᠡ | ᠶᠢ ᠬᠠᠪᠰᠤᠷᠤᠨ᠂ ᠴᠡᠭᠡ ᠪᠣᠷᠣᠯᠠᠭᠤᠯᠬᠤ ᠳᠤ ᠬᠦᠴᠢᠷᠲᠡᠢ ᠪᠠᠶᠢᠬᠤ᠂ ᠣᠷᠳᠣ ᠬᠤᠭᠤᠴᠠᠭ᠎ᠠ ᠪᠠᠷ ᠴᠡᠭᠡ ᠬᠠᠳᠠᠭᠠᠯᠠᠬᠤ ᠳᠤ | ᠬᠦᠴᠢᠷᠲᠡᠢ ᠪᠠᠶᠢᠬᠤ ᠵᠡᠷᠭᠡ ᠬᠦᠴᠢᠷᠳᠡᠯ ᠢ ᠨᠢ ᠰᠢᠢᠳᠪᠦᠷᠢᠯᠡᠨ ᠥᠭᠴᠦ᠂ 50 ᠭᠠᠷᠤᠢ ᠮᠠᠯᠴᠢᠨ ᠡᠷᠦᠬᠡ ᠶᠢ ᠬᠠᠪᠰᠤᠷᠤᠨ | 110 ᠲᠣᠨ ᠰᠢᠨ᠎ᠡ ᠰᠣᠷᠭᠤᠭ ᠴᠡᠭᠡ ᠪᠣᠷᠣᠯᠠᠭᠤᠯᠤᠨ ᠥᠭᠴᠦ᠂ ᠮᠠᠯᠵᠢᠬᠤ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ | ᠠᠬᠢᠭᠤᠯᠪᠠ᠃ | ᠨᠣᠳᠤᠭ ᠣᠷᠣᠨ ᠳᠠᠭᠠᠨ ᠵᠣᠬᠢᠴᠠᠭᠰᠠᠨ ᠴᠠᠭᠠᠨ ᠢᠮᠠᠭᠠᠳ | ᠦᠵᠦᠮᠦᠴᠢᠨ ᠨᠣᠳᠤᠭ ᠲᠤ ᠭᠠᠵᠠᠷ ᠣᠷᠣᠨ ᠳᠠᠭᠠᠨ ᠵᠣᠬᠢᠴᠠᠨ᠂ ᠡᠨᠡ ᠣᠰᠣ ᠨᠣᠳᠤᠭ ᠤᠨ ᠢᠶᠠᠨ ᠲᠦᠯᠦᠭᠡᠯᠡᠭᠴᠢ ︿ | ᠨᠡᠷᠡᠳᠦ ᠳᠡᠮᠳᠡᠭ﹀ ᠪᠣᠯᠣᠨ ᠲᠣᠷᠠᠳᠣᠭᠳᠠᠳᠠᠭ ᠤᠨ ᠨᠢᠭᠡ ᠨᠢ ᠦᠵᠦᠮᠦᠴᠢᠨ ᠴᠠᠭᠠᠨ ᠢᠮᠠᠭ᠎ᠠ ᠶᠣᠮ᠃ ᠪᠣᠰᠤᠭ᠎ᠠ ᠨᠠᠷᠢᠨ | ᠡᠪᠡᠷ ᠲᠠᠢ᠂ ᠪᠡᠶ᠎ᠡ ᠪᠢᠯᠳᠡᠷ ᠲᠣᠮᠣ᠂ ᠨᠣᠣᠰᠣ ᠨᠣᠯᠣᠣᠷ ᠵᠣᠵᠠᠭᠠᠨ ᠵᠡᠷᠭᠡ ᠣᠨᠴᠠᠯᠢᠭ ᠨᠢ ᠲᠦᠷᠪᠡᠨ ᠣᠯᠠᠷᠢᠯ ᠤᠨ ᠢᠯᠡ | ᠳᠣᠳᠣ ᠠᠭᠤᠷ ᠠᠮᠢᠰᠬᠤᠯ ᠤᠨ ᠵᠦᠷᠢᠶ᠎ᠠ ᠲᠠᠢ ᠵᠣᠬᠢᠴᠠᠵᠣ᠂ ᠠᠷᠠᠴᠢᠯᠠᠭ᠎ᠠ ᠮᠠᠯᠵᠢᠯᠭ᠎ᠠ ᠰᠢᠯᠢᠬᠦ ᠦᠭᠡᠢ᠂ ᠡᠪᠡᠰᠦ ᠲᠡᠵᠢᠭᠡᠯ | ᠳᠤ ᠠᠷᠪᠢᠳᠡᠢ᠂ ᠡᠪᠡᠳᠴᠢᠨ ᠡᠮᠬᠡᠭ ᠲᠣᠰᠬᠤ ᠨᠣᠷᠮ᠎ᠠ ᠪᠠᠭ᠎ᠠ ᠵᠡᠷᠭᠡ ᠣᠨᠴᠠᠯᠢᠭ ᠨᠢ ᠡᠨᠡ ᠨᠣᠳᠤᠭ ᠤᠨ ᠮᠠᠯᠵᠢᠯ ᠤᠨ ᠠᠷᠭ᠎ᠠ | ᠪᠠᠷᠢᠯ ᠲᠠᠢ ᠠᠶᠠᠨᠳᠠᠭᠠᠨ ᠵᠣᠬᠢᠴᠠᠯᠳᠣᠵᠣ᠂ ᠣᠷᠴᠢᠮ ᠤᠨ ᠵᠢᠯ ᠢᠮᠠᠭᠠᠨ ᠤ ᠨᠣᠣᠰᠣ ᠨᠣᠯᠣᠣᠷ ᠬᠤᠳᠠᠯᠳᠣᠨ ᠠᠪᠬᠤ ᠦᠨ᠎ᠡ | ᠬᠠᠩᠰᠢ ᠬᠠᠷᠢᠴᠠᠩᠭᠤᠢ ᠦᠨᠳᠦᠷ ᠪᠠᠶᠢᠭᠰᠠᠨ ᠢᠶᠠᠷ ᠮᠠᠯᠴᠢᠳ ᠤᠨ ᠦᠵᠦᠮᠦᠴᠢᠨ ᠴᠠᠭᠠᠨ ᠢᠮᠠᠭᠠᠨ ᠤ ᠪᠠᠨ ᠡᠭᠦᠯᠳᠡᠷ | ᠣᠭᠰᠠᠭ᠎ᠠ ᠶᠢ ᠬᠠᠮᠠᠭᠠᠯᠠᠵᠣ᠂ ᠦᠰᠭᠡᠵᠦ ᠦᠷᠡᠵᠢᠬᠦᠯᠬᠦ ᠠᠶᠢᠯ ᠡᠷᠦᠭᠡ ᠴᠦ ᠣᠯᠠᠨ ᠪᠣᠯᠣᠭᠰᠠᠨ ᠪᠠᠶᠢᠨ᠎ᠠ᠃ | ᠨᠦᠬᠦᠭᠡ ᠲᠠᠯ᠎ᠠ ᠪᠠᠷ ᠬᠡᠰᠡᠭ ᠮᠠᠯᠴᠢᠳ ᠴᠦ ᠢᠮᠠᠭᠠᠨ ᠤ ᠠᠵᠣ ᠠᠬᠤᠢ ᠶᠢᠨ ᠦᠷ᠎ᠠ ᠠᠰᠢᠭ ᠢ ᠨᠡᠮᠡᠭᠳᠡᠬᠦᠯᠵᠦ᠂ ᠮᠠᠯᠵᠢᠯ | ᠤᠨ ᠣᠷᠣᠯᠭ᠎ᠠ ᠪᠠᠨ ᠲᠡᠭᠡᠭᠰᠢᠯᠡᠬᠦᠯᠬᠦ ᠰᠢᠨ᠎ᠡ ᠠᠷᠭ᠎ᠠ ᠵᠠᠮ ᠢ ᠵᠣᠷᠢᠭᠳᠠᠢ ᠰᠦᠪᠡᠭᠴᠢᠯᠡᠨ ᠨᠣᠳᠤᠭ ᠣᠷᠣᠨ ᠤ ᠪᠣᠳᠠᠳᠣ | ᠪᠠᠶᠢᠳᠠᠯ᠂ ᠰᠣᠶᠣᠯ ᠤᠨ ᠠᠭᠤᠯᠥᠬᠤᠨ ᠲᠠᠢ ᠬᠤᠯᠪᠣᠭᠳᠠᠭᠤᠯᠣᠨ᠂ ᠣᠯᠠᠮᠵᠢᠯᠠᠲᠣ ᠢᠮᠠᠭᠠᠨ ᠤ ᠪᠣᠭᠤᠳᠠᠭ ᠬᠢᠬᠦ ᠢᠳᠡᠭᠡᠨ | ᠣᠮᠳᠠᠭᠠᠨ ᠤ ᠦᠢᠯᠡᠴᠢᠯᠡᠭᠡ ᠶᠢ ᠵᠢᠭᠤᠯᠴᠢᠯᠠᠯ ᠲᠠᠢ ᠣᠶᠠᠯᠳᠣᠭᠤᠯᠬᠤ ᠵᠡᠷᠭᠡ ᠰᠢᠨ᠎ᠡ ᠠᠷᠭ᠎ᠠ ᠠᠪᠴᠠᠯ ᠢᠶᠠᠷ ᠣᠷᠣᠯᠭ᠎ᠠ ᠪᠠᠨ | ᠨᠡᠮᠡᠭᠳᠡᠬᠦᠯᠵᠦ ᠡᠬᠢᠯᠡᠭᠰᠡᠨ ᠪᠦᠭᠡᠳ ᠭᠠᠴᠠᠭ᠎ᠠ᠂ ᠰᠣᠮᠣ ᠪᠠᠯᠭᠠᠰᠣ᠂ ᠬᠤᠰᠢᠭᠤ ᠬᠡᠳᠦᠨ ᠱᠠᠳᠣ ᠪᠠᠷ ᠢᠶᠠᠨ ᠬᠠᠮᠳᠣᠷᠠᠨ | ᠭᠠᠳᠠᠭᠰᠢ ᠣᠬᠠᠭᠤᠯᠭ᠎ᠠ ᠶᠢᠨ ᠠᠵᠢᠯ ᠢ ᠴᠢᠷᠮᠠᠶᠢᠨ ᠠᠳᠬᠤᠵᠣ ᠦᠵᠦᠮᠦᠴᠢᠨ ᠴᠠᠭᠠᠨ ᠢᠮᠠᠭᠠᠨ ᠤ ᠦᠷ᠎ᠡ ᠠᠰᠢᠭ ᠢ | ᠨᠡᠮᠡᠭᠳᠡᠬᠦᠯᠬᠦ ᠠᠵᠢᠯ ᠢ ᠪᠦᠬᠦ ᠲᠠᠯ᠎ᠠ ᠪᠠᠷ ᠠᠳᠬᠤᠵᠣ ᠪᠠᠶᠢᠨ᠎ᠠ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠪᠠᠷᠠᠭᠤᠨ ᠦᠵᠦᠮᠦᠴᠢᠨ ᠬᠤᠰᠢᠭᠤ ᠨᠢ ᠦᠵᠦᠮᠦᠴᠢᠨ ᠴᠠᠭᠠᠨ | ᠢᠮᠠᠭᠠᠨ ᠤ ᠦᠢᠯᠡᠰ ᠢ ᠮᠠᠯ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠬᠦᠯᠬᠦ ᠲᠡᠰᠢ ᠪᠦᠳᠦᠮᠵᠢᠳᠡᠢ | ᠠᠳᠬᠤᠨ᠂ ︿ᠦᠷ᠎ᠡ ᠶᠢᠨ ᠮᠠᠯ ᠤᠨ ᠲᠠᠯᠠᠪᠠᠢ + ᠭᠤᠣᠯᠳᠠᠯᠭᠠᠳᠣ ᠰᠦᠷᠦᠭ + ᠮᠠᠯᠴᠢᠨ ᠡᠷᠦᠭᠡ﹀ ᠬᠠᠮᠳᠣᠷᠠᠯᠴᠠᠬᠤ | ᠬᠡᠯᠬᠢᠶ᠎ᠡ ᠬᠤᠯᠪᠣᠭ᠎ᠠ ᠲᠡᠰᠢ ᠬᠠᠨᠳᠣᠭᠤᠯᠵᠣ᠂ ᠡᠨᠡᠬᠦ ᠨᠣᠳᠤᠭ ᠣᠷᠣᠨ ᠤ ᠰᠢᠯᠢᠳᠡᠭ ᠡᠭᠦᠯᠳᠡᠷ ᠢᠶᠠᠷ ᠦᠷᠬᠦᠯᠵᠢᠯᠡᠨ | ᠬᠠᠮᠠᠭᠠᠯᠠᠨ ᠬᠦᠭᠵᠢᠬᠦᠯᠬᠦ ᠪᠠᠷ ᠪᠣᠢ᠃ | ᠦᠵᠦᠮᠦᠴᠢᠨ ᠨᠣᠳᠤᠭ ᠤᠨ ᠮᠠᠯ ᠠᠵᠣ ᠠᠬᠤᠢ᠂ ᠰᠣᠶᠣᠯ ᠵᠢᠭᠤᠯᠴᠢᠯᠠᠯ᠂ ᠬᠦᠳᠡᠭᠡ ᠠᠵᠣ ᠠᠬᠤᠢ ᠶᠢᠨ ᠲᠣᠯᠭᠠᠭᠤᠷᠢ | ᠬᠦᠴᠦᠨ ᠤ ᠨᠢᠭᠡ ᠬᠡᠰᠡᠭ ᠪᠣᠯᠣᠭᠰᠠᠨ ᠴᠠᠭᠠᠨ ᠠᠳᠣᠭᠤ᠂ ᠴᠠᠭᠠᠨ ᠦᠭᠡᠷ᠂ ᠴᠠᠭᠠᠨ ᠢᠮᠠᠭ᠎ᠠ ᠶᠢ ᠦᠰᠭᠡᠨ ᠦᠷᠡᠵᠢᠬᠦᠯᠵᠦ᠂ | ᠡᠭᠦᠯᠳᠡᠷ ᠣᠭᠰᠠᠭ᠎ᠠ ᠶᠢ ᠨᠢ ᠰᠢᠯᠢᠳᠡᠭᠵᠢᠬᠦᠯᠦᠨ ᠬᠠᠮᠠᠭᠠᠯᠠᠬᠤ ᠠᠵᠢᠯ ᠡᠳᠦᠭᠡ ᠡᠷᠴᠢᠮᠳᠡᠢ ᠥᠷᠨᠢᠵᠦ ᠪᠠᠶᠢᠨ᠎ᠠ᠃ ᠶᠡᠷᠡ | ᠶᠢᠰᠦᠨ ᠴᠠᠭᠠᠨ ᠬᠡᠭᠦᠨ ᠤ ᠰᠠᠭᠠᠮ᠎ᠠ ᠪᠠᠷ ᠴᠡᠭᠡ ᠢᠰᠭᠡᠵᠦ ᠪᠠᠶᠢᠭᠰᠠᠨ ᠲᠡᠦᠬᠡᠨ ᠣᠯᠠ ᠮᠦᠷ᠂ ᠡᠮᠴᠢᠯᠡᠭᠡ ᠵᠠᠰᠠᠯ᠂ | ᠦᠵᠦᠮᠦᠴᠢᠨ ᠨᠣᠳᠤᠭ ᠤᠨ ᠲᠠᠪᠢᠨ ᠵᠢᠯ ᠤᠨ ᠬᠥᠭᠵᠢᠯ ᠬᠤᠪᠢᠷᠠᠯ ᠳᠤ ᠦᠢᠯᠡᠴᠢᠯᠡᠭᠰᠡᠨ ᠣᠯᠠᠨ᠎ᠠ ᠲᠠᠨᠢᠭᠳᠠᠭᠰᠠᠨ ︿ | ᠦᠵᠦᠮᠦᠴᠢᠨ ᠴᠠᠭᠠᠨ ᠦᠭᠡᠷ﹀᠂ ᠮᠢᠬ᠎ᠠ ᠨᠣᠯᠣᠣᠷ ᠬᠤᠣᠰᠯᠠᠭᠰᠠᠨ ᠦᠵᠦᠮᠦᠴᠢᠨ ᠴᠠᠭᠠᠨ ᠢᠮᠠᠭ᠎ᠠ ᠨᠢ ᠦᠵᠦᠮᠦᠴᠢᠨ | ᠨᠣᠳᠤᠭ ᠤᠨ ᠰᠢᠨ᠎ᠡ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠠᠵᠢᠯ ᠦᠢᠯᠡᠰ᠂ ᠬᠦᠰᠡᠯ ᠲᠡᠮᠡᠦᠯᠡᠯ ᠤᠨ ᠵᠠᠮ | ᠳᠤ ᠮᠠᠯᠴᠢᠨ ᠲᠦᠮᠡᠨ ᠤ ᠴᠦᠭᠡᠨ ᠮᠠᠯᠵᠢᠵᠣ ᠰᠢᠯᠢᠳᠡᠭ ᠮᠠᠯᠵᠢᠬᠤ᠂ ᠦᠨᠳᠦᠷ ᠦᠷ᠎ᠡ ᠠᠰᠢᠭ ᠡᠭᠦᠳᠬᠦ ᠰᠢᠨᠡᠬᠡᠨ ᠲᠦᠰᠦᠯ | ᠲᠦᠯᠦᠪᠯᠡᠭᠡ ᠶᠢᠨ ᠴᠢᠭᠯᠡᠯ ᠵᠣᠷᠢᠯᠳᠠ ᠪᠣᠯᠵᠣ ᠶᠠᠪᠣᠨ᠎ᠠ᠃ | |