25 ᠳᠠᠬᠢ ᠳᠤᠮᠳᠠᠳᠤ ᠤᠯᠤᠰ ᠤᠨ ᠰᠣᠷᠪᠣᠯᠵᠢᠯᠠᠭᠴᠢᠳ ᠤᠨ ᠪᠠᠶᠠᠷ ᠢᠶᠠᠨ ᠪᠢᠳᠡ ᠢᠩᠭᠢᠵᠦ ᠥᠩᠭᠡᠷᠡᠭᠦᠯᠦᠭᠰᠡᠨ ᠶᠤᠮ
ᠨᠡᠶᠢᠲᠡᠯᠡᠭᠰᠡᠨ ᠴᠠᠭ᠄
2024/11/11
    11 ᠰᠠᠷ᠎ᠠ ᠶᠢᠨ 8 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠶᠠᠯᠠᠯ︾ ᠭᠡᠬᠦ ᠭᠤᠣᠯ ᠰᠡᠳᠦᠪᠲᠦ ᠰᠣᠷᠪᠤᠯᠵᠢᠯᠠᠭ᠎ᠠ ᠵᠢᠴᠢ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠠᠵᠢᠯ ᠤᠨ ᠪᠠᠶᠢᠷᠢ ᠶᠢᠨ ᠶᠡᠭᠡ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠰᠣᠷᠪᠣᠯᠵᠢᠯᠠᠭᠴᠢᠳ ᠤᠨ ᠲᠤᠰᠬᠠᠢ ᠮᠡᠷᠭᠡᠵᠢᠯ ᠤᠨ ᠪᠣᠯᠪᠠᠰᠤᠷᠠᠯ᠂ ᠰᠢᠨ᠎ᠡ ᠶᠢ ᠡᠭᠦᠳᠬᠦ ᠴᠢᠳᠠᠪᠤᠷᠢ ᠪᠠ ᠰᠣᠨᠢᠨ ᠮᠡᠳᠡᠭᠡᠨ ᠤ ᠦᠢᠯᠡᠰ ᠲᠤ ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠ ᠪᠠᠷᠢᠮᠲᠠᠯᠠᠯ ᠢ ᠳᠡᠯᠭᠡᠨ ᠦᠵᠡᠭᠦᠯᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂  ᠭᠤᠣᠯ ᠰᠡᠳᠦᠪᠲᠦ ᠰᠣᠷᠪᠤᠯᠵᠢᠯᠠᠭ᠎ᠠ ᠶᠢᠨ ᠰᠢᠯᠭᠠᠷᠠᠭᠤᠯᠤᠯᠲᠠ ᠬᠦᠷ ᠬᠥᠭᠵᠢᠶᠡᠨ ᠲᠠᠢ ᠶᠠᠪᠤᠭᠳᠠᠪᠠ᠃ ᠰᠤᠷᠪᠤᠯᠵᠢᠯᠠᠭᠴᠢᠳ ᠬᠠᠯᠠᠮᠰᠢᠯ ᠰᠡᠳᠦᠪ ᠤᠨ ᠲᠣᠭᠤᠷᠢᠨ ᠳᠤ ᠠᠭᠤᠯᠭ᠎ᠠ ᠶᠢ ᠭᠤᠣᠯᠳᠠᠯᠭ᠎ᠠ ᠲᠠᠢ ᠤᠬᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠯᠠᠨ ᠤ ᠰᠠᠨᠠᠯ ᠢ ᠰᠣᠨᠣᠰᠴᠤ᠂ ᠨᠡᠶᠢᠭᠡᠮ ᠤᠨ ᠬᠤᠪᠢᠷᠠᠯᠲᠠ ᠶᠢ ᠲᠡᠮᠳᠡᠭᠯᠡᠪᠡ᠃ ᠲᠡᠳᠡ ᠭᠢᠷᠠᠬᠠᠢ ᠠᠵᠢᠭᠯᠠᠬᠤ ᠴᠢᠳᠠᠪᠤᠷᠢ ᠪᠠ ᠥᠪᠡᠷᠮᠢᠴᠡ ᠬᠠᠷᠠᠭᠠᠰᠤ ᠪᠠᠷ ᠮᠠᠰᠢ ᠣᠯᠠᠨ ᠦᠨ᠎ᠡ ᠥᠷᠲᠡᠭ ᠲᠠᠢ ᠰᠣᠨᠢᠨ ᠮᠡᠳᠡᠭᠡᠨ ᠤ ᠰᠦᠪᠡᠭᠴᠢ   ᠶᠢ ᠠᠭᠤᠳᠠᠯᠤᠨ ᠭᠠᠷᠭᠠᠵᠤ᠂ ᠰᠣᠨᠢᠨ ᠮᠡᠳᠡᠭᠡᠨ ᠤ ᠲᠠᠲᠠᠬᠤ ᠬᠦᠴᠦᠨ ᠪᠠ ᠬᠦᠴᠦᠨ ᠴᠢᠳᠠᠯ ᠢ ᠤᠩᠰᠢᠭᠴᠢᠳ ᠲᠤ ᠮᠡᠳᠡᠷᠡᠭᠦᠯᠦᠭᠰᠡᠨ ᠪᠠᠶᠢᠨ᠎ᠠ᠃     ᠡᠭᠦᠨ ᠠᠴᠠ ᠭᠠᠳᠠᠨ᠎ᠠ᠂ ᠬᠠᠮ ᠵᠠᠭᠤᠴᠢᠯᠠᠭᠤᠷ ᠤᠨ ᠲᠥᠪ ᠪᠠᠰᠠ ᠣᠬᠤᠷ ᠸᠢᠳᠢᠤ᠋ ᠶᠢᠨ ᠤᠷᠤᠯᠳᠤᠭᠠᠨ ᠶᠠᠪᠣᠭᠤᠯᠵᠣ᠂ ᠰᠣᠷᠪᠣᠯᠵᠢᠯᠠᠭᠴᠢᠳ ᠥᠪᠡᠷ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠰᠢᠨ᠎ᠡ ᠶᠢ ᠡᠭᠦᠳᠬᠦ ᠰᠡᠳᠬᠢᠬᠦᠢ ᠪᠠᠷ ᠢᠶᠠᠨ ᠠᠮᠢᠳᠤᠯᠢᠭ ᠰᠣᠨᠢᠷᠬᠠᠯᠲᠠᠢ ᠣᠬᠤᠷ ᠸᠢᠳᠢᠤ᠋ ᠪᠦᠲᠦᠭᠡᠯ ᠤᠳ ᠢ ᠲᠡᠯᠭᠡᠨ ᠦᠵᠡᠭᠦᠯᠪᠡ᠃ ᠡᠲᠡᠭᠡᠷ ᠪᠦᠲᠦᠭᠡᠯ ᠤᠨ ᠠᠭᠤᠯᠭ᠎ᠠ ᠨᠢ ᠡᠯᠪᠡᠭ ᠪᠠᠶᠠᠯᠢᠭ ᠣᠯᠠᠨ ᠶᠠᠩᠵᠤ   ᠶᠢᠨ ᠪᠠᠶᠢᠵᠤ᠂ ᠬᠠᠯᠠᠮᠰᠢᠯ ᠴᠡᠭ ᠤᠨ ᠬᠡᠷᠡᠭ ᠶᠠᠪᠤᠳᠠᠯ ᠳᠤ ᠲᠦᠷᠭᠡᠨ ᠲᠤᠰᠬᠠᠯ ᠭᠠᠷᠭᠠᠭᠰᠠᠨ ᠪᠥᠭᠡᠳ ᠠᠮᠢᠳᠤᠷᠠᠯ ᠤᠨ ᠲᠤᠬᠠᠢ ᠬᠠᠯᠠᠭᠤᠨ ᠳᠣᠲᠣᠨᠣ ᠲᠡᠮᠳᠡᠭᠯᠡᠯ  ᠤᠳ ᠪᠠᠶᠢᠵᠤ᠂ ᠰᠣᠨᠢᠨ ᠮᠡᠳᠡᠭᠡᠯᠡᠯ ᠤᠨ ᠣᠯᠠᠨ ᠶᠠᠩᠵᠤᠲᠤ ᠴᠢᠨᠠᠷ ᠪᠠ ᠰᠣᠨᠢᠷᠬᠠᠯᠲᠤ ᠴᠢᠨᠠᠷ   ᠢ ᠢᠯᠡᠷᠡᠭᠦᠯᠦᠭᠰᠡᠨ ᠪᠠᠶᠢᠨ᠎ᠠ᠃
    ᠲᠤᠰ ᠠᠵᠢᠯᠯᠠᠭ᠎ᠠ ᠨᠢ ᠣᠨᠴᠠᠭᠠᠶᠢᠯᠠᠨ ᠤᠯᠠᠨ ᠵᠢᠯ ᠤᠨ ᠲᠤᠷᠰᠢ ᠰᠣᠨᠢᠨ ᠮᠡᠳᠡᠭᠡᠨ ᠤ ᠦᠢᠯᠡᠰ ᠲᠤ ᠬᠦᠴᠦ ᠪᠠᠨ ᠡᠷᠭᠦᠭᠰᠡᠭᠡᠷ ᠢᠷᠡᠭᠰᠡᠨ ᠲᠡᠳᠡᠭᠡᠷ ᠠᠬᠠᠮᠠᠳ ᠠᠵᠢᠯᠲᠠᠳ ᠲᠤ ᠢᠷᠠᠭᠤ ᠠᠯᠳᠠᠷ ᠤᠨ ᠦᠨᠡᠮᠯᠡᠯ ᠣᠯᠭᠤᠵᠣ᠂ ᠲᠡᠳᠡᠨ ᠤ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠪᠠ ᠰᠣᠨᠢᠨ ᠮᠡᠳᠡᠭᠡᠨ ᠤ ᠠᠵᠢᠯ ᠲᠥᠷᠥᠯ ᠤᠨ ᠬᠠᠯᠠᠭᠤᠨ ᠰᠡᠳᠬᠢᠯᠭᠡ ᠨᠢ ᠬᠥᠮᠥᠰ ᠢ ᠲᠤᠶᠢᠯ ᠢᠶᠠᠷ  ᠪᠢᠰᠢᠷᠡᠭᠦᠯᠦᠭᠰᠡᠨ ᠮᠥᠷᠲᠡᠭᠡᠨ ᠰᠣᠷᠣᠯᠴᠠᠭᠤᠰᠢᠲᠠᠢ ᠶᠣᠮ᠃   ᠰᠤᠷᠪᠤᠯᠵᠢᠯᠠᠭᠴᠢᠳ ᠢ ᠨᠡᠩ ᠰᠠᠶᠢᠨ ᠰᠣᠯᠢᠯᠴᠠᠭᠤᠯᠤᠨ ᠰᠤᠷᠤᠯᠴᠠᠭᠤᠯᠬᠤ ᠶᠢᠨ ᠲᠥᠯᠥᠭᠡ᠂ ᠬᠠᠮ ᠵᠠᠭᠤᠴᠢᠯᠠᠭᠤᠷ ᠤᠨ ᠲᠥᠪ ᠠᠴᠠ ᠪᠠᠰᠠ ᠰᠤᠷᠪᠤᠯᠵᠢᠯᠠᠭᠴᠢᠳ ᠢ ᠵᠣᠬᠢᠶᠠᠨ ᠪᠠᠶᠢᠭᠤᠯᠵᠤ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠣᠨ᠂ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠤᠯᠠᠨ ᠢᠶᠠᠷ ᠢᠶᠠᠨ ᠬᠠᠷᠢᠯᠴᠠᠨ ᠰᠤᠷᠤᠯᠴᠠᠵᠤ᠂ ᠬᠠᠮᠲᠤ ᠪᠠᠷ ᠳᠠᠪᠰᠢᠵᠤ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠦ ᠨᠡᠮᠡᠭᠳᠡᠭᠦᠯᠦᠭᠰᠡᠨ ᠪᠠᠶᠢᠨ᠎ᠠ᠃   ᠲᠣᠰ ᠤᠳᠠᠭᠠᠨ ᠤ ᠰᠣᠷᠪᠣᠯᠵᠢᠯᠠᠭᠴᠢᠳ ᠤᠨ ᠪᠠᠶᠠᠷ ᠤᠨ ᠠᠵᠢᠯᠯᠠᠭ᠎ᠠ ᠨᠢ ᠬᠠᠮ ᠵᠠᠭᠤᠴᠢᠯᠠᠭᠤᠷ ᠤᠨ ᠲᠥᠪ ᠤᠨ ᠠᠵᠢᠯ ᠤᠨ ᠨᠤᠲᠠᠯᠠᠯᠲᠠ ᠪᠠ ᠵᠣᠷᠢᠭᠵᠢᠭᠤᠯᠤᠯ ᠪᠣᠯᠬᠤ ᠪᠠᠷ ᠪᠠᠷᠠᠬᠤ ᠦᠭᠡᠢ᠂ ᠪᠠᠰᠠ ᠴᠤ ᠢᠷᠡᠭᠡᠳᠦᠢ ᠶᠢᠨ ᠠᠵᠢᠯ ᠤᠨ ᠲᠤᠬᠠᠢ ᠬᠦᠰᠡᠯ ᠱᠠᠭᠠᠷᠳᠠᠯᠭ᠎ᠠ ᠪᠣᠯᠬᠤ ᠶᠤᠮ᠃ ᠬᠠᠮ ᠵᠠᠭᠤᠴᠢᠯᠠᠭᠤᠷ ᠤᠨ ᠲᠥᠪ ᠨᠢ ᠰᠣᠨᠢᠨ ᠮᠡᠳᠡᠭᠡᠨ ᠤ ᠦᠨᠡᠨ ᠪᠣᠳᠠᠲᠠᠢ᠂ ᠪᠤᠰᠤᠳᠴᠢ᠂ ᠲᠥᠪ ᠭᠤᠣᠯᠴᠢ ᠪᠠᠶᠢᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠴᠠᠭ ᠦᠶ᠎ᠡ ᠶᠢ ᠰᠡᠳᠬᠢᠯ ᠲᠠᠯᠪᠢᠨ ᠲᠡᠮᠳᠡᠭᠯᠡᠵᠦ᠂ ᠪᠢᠷ ᠢᠶᠠᠷ ᠠᠮᠢᠳᠤᠷᠠᠯ ᠢ ᠪᠢᠴᠢᠭᠯᠡᠵᠦ᠂ ᠤᠩᠰᠢᠭᠴᠢᠳ ᠲᠤ ᠨᠡᠩ ᠤᠯᠠᠨ ᠦᠨ᠎ᠡ ᠦᠷᠳᠡᠭ ᠲᠠᠢ ᠰᠣᠨᠢᠨ ᠮᠡᠳᠡᠭᠡᠨ ᠤ ᠮᠡᠳᠡᠭᠡᠯᠡᠯ ᠢ ᠠᠪᠴᠢᠷᠠᠵᠤ ᠦᠭᠬᠦ ᠪᠠᠷ ᠴᠢᠷᠮᠠᠶᠢᠨ ᠠᠵᠢᠯᠯᠠᠵᠤ ᠪᠤᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号