11 ᠰᠠᠷ᠎ᠠ ᠶᠢᠨ 9 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ | ᠭᠤᠷᠤᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ ᠲᠣᠰᠬᠤᠨ ᠠᠴᠠ ᠵᠡᠭᠦᠨ ᠲᠣᠭᠤᠷᠢᠯ ᠵᠠᠮ ᠬᠦᠷᠬᠦ ᠢᠨᠵᠧᠨᠧᠷᠢᠩ | ᠤᠨ ᠪᠠᠷᠢᠯᠭ᠎ᠠ ᠶᠢᠨ ᠠᠵᠢᠯ ᠳᠠᠭᠤᠰᠴᠤ ᠲᠡᠷᠭᠡ ᠨᠡᠪᠲᠡᠷᠡᠨ᠂ ᠲᠤᠰ ᠵᠠᠮ ᠤᠨ ᠬᠡᠰᠡᠭ ᠲᠤ ᠪᠠᠶᠢᠷᠢᠯᠠᠵᠦ ᠪᠠᠶᠢᠭ᠎ᠠ ᠴᠠᠭᠠᠨ | ᠮᠤᠷᠢᠲᠤ ᠬᠥᠭᠦᠷᠭᠡ ᠤᠯᠠᠨ ᠤ ᠬᠠᠷᠠᠭᠠᠨ ᠳᠤ ᠳᠡᠯᠭᠡᠭᠳᠡᠵᠦ᠂ ᠪᠠᠷᠠᠭᠤᠨ ᠦᠵᠦᠮᠦᠴᠢᠨ ᠬᠤᠰᠢᠭᠤᠨ ᠳᠤ ᠰᠢᠨ᠎ᠡ | ᠦᠵᠡᠮᠵᠢ ᠨᠡᠮᠡᠷᠢᠯᠡᠭᠰᠡᠨ ᠪᠠᠶᠢᠨ᠎ᠠ᠃ | | ᠴᠠᠭᠠᠨ ᠮᠤᠷᠢᠲᠤ ᠬᠥᠭᠦᠷᠭᠡ ᠨᠢ ᠪᠠᠯᠭᠠᠷᠭᠤᠤᠯ ᠪᠠᠯᠭᠠᠰᠤᠨ ᠤ ᠭᠤᠷᠤᠬᠠᠨ ᠵᠡᠭᠡᠯᠢ ᠶᠢᠨ ᠰᠠᠭᠠᠯᠢ ᠶᠢᠨ ᠦᠨᠢᠶᠡᠨ | ᠤ ᠲᠣᠰᠬᠤᠨ ᠠᠴᠠ ᠵᠡᠭᠦᠨ ᠲᠣᠭᠤᠷᠢᠯ ᠵᠠᠮ ᠬᠦᠷᠲᠡᠯᠡᠬᠢ ᠰᠢᠨ᠎ᠡ ᠪᠠᠷ ᠪᠠᠶᠢᠭᠤᠯᠤᠭᠰᠠᠨ ᠵᠠᠮ ᠤᠨ ᠬᠡᠰᠡᠭ ᠲᠤ | ᠪᠠᠶᠢᠷᠢᠯᠠᠵᠦ᠂ ᠬᠥᠭᠦᠷᠭᠡ ᠶᠢᠨ ᠤᠷᠳᠤ ᠨᠢ 168.8 ᠮᠧᠲᠷ ᠪᠣᠯᠤᠨ᠎ᠠ᠃ ᠲᠤᠰ ᠬᠥᠭᠦᠷᠭᠡ ᠨᠢ ᠪᠠᠷᠠᠭᠤᠨ | ᠦᠵᠦᠮᠦᠴᠢᠨ ᠬᠤᠰᠢᠭᠤᠨ ᠳᠤ ᠦᠵᠡᠰᠬᠦᠯᠡᠩᠲᠦ ᠰᠠᠶᠢᠬᠠᠨ ᠦᠵᠡᠮᠵᠢ ᠨᠡᠮᠡᠷᠢᠯᠡᠭᠰᠡᠨ ᠢᠶᠠᠷ ᠪᠠᠷᠠᠬᠤ ᠥᠬᠡᠶ᠂ ᠣᠯᠠᠨ | ᠲᠦᠮᠡᠨ ᠤ ᠶᠠᠪᠤᠵᠤ ᠰᠠᠭᠤᠬᠤ ᠳᠤ ᠴᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ | | ᠴᠠᠭᠠᠨ ᠮᠤᠷᠢᠲᠤ ᠬᠥᠭᠦᠷᠭᠡ ᠶᠢ ᠵᠢᠷᠤᠵᠤ ᠲᠥᠯᠥᠪᠯᠡᠵᠦ ᠪᠠᠶᠢᠭᠤᠯᠤᠭᠰᠠᠨ ᠨᠢ ︽ᠴᠠᠭᠠᠨ ᠠᠳᠤᠭᠤᠨ ᠤ | ᠥᠯᠥᠭᠡᠢ︾ ᠬᠡᠮᠡᠬᠦ ᠣᠷᠣᠨ ᠨᠤᠲᠤᠭ ᠤᠨ ᠨᠡᠷ᠎ᠡ ᠠᠯᠳᠠᠷᠰᠢᠯ ᠢ ᠨᠡᠩ ᠡᠷᠭᠦᠵᠦ ᠪᠠᠶᠢᠭ᠎ᠠ ᠶᠠᠪᠤᠳᠠᠯ ᠪᠣᠯᠬᠤ ᠶᠤᠮ᠃ | ᠡᠨᠡᠬᠦ ᠬᠥᠭᠦᠷᠭᠡ ᠨᠢ ᠵᠥᠪᠬᠡᠨ ᠵᠠᠮ ᠬᠠᠷᠢᠯᠴᠠᠭᠠᠨ ᠤ ᠳᠦᠬᠦᠭᠡᠷᠦᠮᠵᠢ ᠲᠡᠳᠦᠶ ᠪᠢᠰᠢ᠂ ᠨᠠᠩ ᠴᠤ ᠴᠠᠭᠠᠨ ᠠᠳᠤᠭᠤᠨ | ᠰᠣᠶᠣᠯ ᠤᠨ ᠤᠯᠠᠮᠵᠢᠯᠠᠯ ᠪᠠ ᠪᠡᠯᠭᠡ ᠲᠡᠮᠳᠡᠭ ᠪᠠᠶᠢᠵᠤ᠂ ᠥᠩᠭᠡᠷᠡᠭᠰᠡᠨ ᠡᠳᠦᠭᠡ ᠶᠢ ᠬᠤᠯᠪᠣᠵᠤ᠂ ᠠᠯᠤᠰ ᠬᠡᠲᠦ ᠶᠢᠨ | ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ | | ᠣᠶᠢᠯᠠᠭᠠᠭᠰᠠᠨ ᠢᠶᠠᠷ᠂ ᠪᠠᠯᠭᠠᠷᠭᠤᠤᠯ ᠪᠠᠯᠭᠠᠰᠤᠨ ᠤ ᠭᠤᠷᠤᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ | ᠲᠣᠰᠬᠤᠨ ᠠᠴᠠ ᠵᠡᠭᠦᠨ ᠲᠣᠭᠤᠷᠢᠯ ᠵᠠᠮ ᠬᠦᠷᠬᠦ ᠵᠠᠮ ᠪᠣᠯ 2023 ᠣᠨ ᠤ 4 ᠰᠠᠷ᠎ᠠ ᠠᠴᠠ ᠡᠬᠢᠯᠡᠨ | ᠪᠠᠶᠢᠭᠤᠯᠤᠭᠰᠠᠨ ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠭᠤᠣᠯᠳᠠᠯᠭ᠎ᠠ ᠲᠠᠢ ᠲᠦᠷᠦᠯ ᠵᠦᠢᠯ | ᠪᠣᠯᠤᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ 8564.26 ᠲᠦᠮᠡᠨ ᠲᠥᠭᠦᠷᠢᠭ ᠲᠤ ᠬᠦᠷᠴᠦ᠂ ᠰᠢᠨ᠎ᠡ ᠪᠠᠷ | ᠪᠠᠶᠢᠭᠤᠯᠬᠤ ᠬᠥᠭᠦᠷᠭᠡ ᠵᠢᠴᠢ ᠵᠠᠮ ᠤᠨ ᠪᠦᠬᠦ ᠤᠷᠳᠤ ᠨᠢ ᠨᠡᠶᠢᠳᠡ 1532 ᠮᠧᠲᠷ ᠪᠣᠯᠤᠨ᠎ᠠ᠃ ᠲᠤᠰ ᠵᠠᠮ ᠨᠢ | ᠬᠤᠣᠰ ᠴᠢᠭᠯᠡᠯ ᠤᠨ 8 ᠲᠡᠷᠭᠡᠨ ᠵᠠᠮ ᠲᠠᠢ ᠪᠦᠭᠡᠳ ᠶᠠᠪᠠᠭᠠᠨ ᠬᠥᠮᠦᠨ ᠤ ᠵᠠᠮ ᠵᠢᠴᠢ ᠦᠵᠡᠮᠵᠢ ᠶᠢᠨ ᠲᠠᠪᠴᠠᠩ ᠲᠠᠢ | ᠃ ᠡᠨᠡᠬᠦ ᠵᠠᠮ ᠤᠨ ᠪᠦᠲᠦᠭᠡᠨ ᠪᠠᠶᠢᠭᠤᠯᠤᠯᠲᠠ ᠨᠢ ᠪᠠᠯᠭᠠᠷᠭᠤᠤᠯ ᠪᠠᠯᠭᠠᠰᠤᠨ ᠤ ᠵᠡᠭᠦᠨ ᠲᠣᠭᠤᠷᠢᠯ ᠵᠠᠮ ᠵᠢᠴᠢ | ᠨᠢᠰᠬᠡᠯ ᠤᠨ ᠪᠠᠭᠤᠳᠠᠯ ᠵᠡᠷᠭᠡ ᠭᠠᠵᠠᠷ ᠲᠤ ᠨᠡᠪᠲᠡᠷᠡᠵᠦ᠂ ᠪᠠᠷᠠᠭᠤᠨ ᠦᠵᠦᠮᠦᠴᠢᠨ ᠬᠤᠰᠢᠭᠤᠨ ᠤ ᠵᠠᠮ ᠤᠨ | ᠲᠣᠣᠷ ᠤᠨ ᠪᠦᠲᠦᠴᠡ ᠶᠢ ᠲᠡᠭᠦᠯᠳᠡᠷᠵᠢᠭᠦᠯᠬᠦ᠂ ᠬᠤᠲᠠ ᠶᠢᠨ ᠣᠷᠣᠨ ᠵᠠᠢ ᠶᠢ ᠥᠷᠭᠡᠳᠬᠡᠬᠦ ᠢᠨᠵᠧᠨᠧᠷᠢᠩ ᠪᠣᠯᠤᠨ᠎ᠠ᠃ | | | |