ᠪᠠᠶᠠᠨᠬᠤᠸᠠ ᠪᠠᠯᠭᠠᠰᠤ ᠭᠠᠷ ᠤᠷᠠᠯᠠᠯ ᠤᠨ ᠪᠦᠲᠦᠭᠡᠯ ᠤᠨ ᠤᠷᠤᠯᠳᠤᠭᠠᠨ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/11/12
    ᠰᠢ ᠵᠢᠩ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠬᠥᠭᠵᠢᠭᠦᠯᠬᠦ ᠵᠣᠷᠢᠭ ᠰᠠᠨᠠᠭ᠎ᠠ ᠶᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠠᠷᠠᠳ ᠤᠨ ᠭᠠᠷ ᠤᠷᠠᠯᠠᠯ ᠤᠨ ᠰᠣᠳᠣᠨ ᠪᠦᠲᠦᠭᠡᠯ ᠤᠨ ᠤᠷ᠎ᠠ ᠶᠢᠨ ᠰᠠᠩ ᠢ ᠤᠯᠠᠮ ᠨᠡᠭᠡᠭᠡᠨ ᠬᠥᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠣᠭᠴᠠᠯᠠᠬᠤ ᠶᠢᠨ ᠲᠥᠯᠥᠭᠡ ᠪᠠᠶᠠᠨᠬᠤᠸᠠ ᠪᠠᠯᠭᠠᠰᠤ ᠨᠢ ︽ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠤᠷᠠᠨ ᠭᠠᠷ ᠢᠶᠠᠷ ᠢᠶᠠᠨ ᠬᠠᠮᠲᠤ ᠪᠠᠷ ᠵᠢᠷᠤᠭᠯᠠᠨ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠭᠠᠷ ᠤᠷᠠᠯᠠᠯ ᠤᠨ  ᠪᠦᠲᠦᠭᠡᠯ ᠤᠨ ᠤᠷᠤᠯᠳᠤᠭᠠᠨ ᠢ ᠡᠷᠬᠢᠯᠡᠨ ᠶᠠᠪᠤᠭᠳᠠᠭᠤᠯᠪᠠ᠃
   ᠤᠷᠤᠯᠳᠤᠭᠠᠨ ᠢ ᠮᠣᠳᠣᠨ ᠰᠡᠶᠢᠯᠦᠮᠡᠯ᠂ ᠢᠰᠡᠭᠡᠢ  ᠤᠷᠠᠯᠠᠯ᠂ ᠬᠠᠳᠬᠤᠮᠠᠯ᠂ ᠠᠷᠠᠰᠤᠨ ᠡᠳ᠋ᠯᠡᠯ ᠵᠡᠷᠭᠡ 4 ᠲᠥᠷᠥᠯ ᠬᠤᠪᠢᠶᠠᠨ ᠶᠠᠪᠤᠭᠳᠠᠭᠤᠯᠵᠤ᠂ ᠪᠠᠶᠠᠨᠬᠤᠸᠠ ᠪᠠᠯᠭᠠᠰᠤᠨ ᠤ ᠡᠯ᠎ᠡ ᠭᠠᠴᠠᠭᠠᠨ ᠤ 40 ᠭᠠᠷᠤᠢ ᠬᠥᠮᠥᠰ ᠤᠨ ᠵᠢᠷᠠᠭᠠᠳ ᠪᠦᠲᠦᠭᠡᠯ ᠣᠷᠣᠯᠴᠠᠨ᠂ ᠬᠢᠨᠠᠭᠴᠢ ᠪᠠᠷ ᠤᠷᠢᠭᠳᠠᠭᠰᠠᠨ ᠡᠯ᠎ᠡ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠢ ᠥᠪᠯᠡᠨ ᠤᠯᠠᠮᠵᠢᠯᠠᠭᠴᠢ ᠨᠠᠷ ᠨᠢ ᠲᠥᠪ ᠭᠤᠣᠯᠴᠢ ᠪᠠᠷ ᠬᠢᠨᠠᠨ ᠰᠢᠯᠭᠠᠷᠠᠭᠤᠯᠵᠤ᠂ ᠲᠥᠷᠥᠯ ᠪᠦᠷᠢ ᠶᠢᠨ ᠪᠦᠲᠦᠭᠡᠯ ᠤᠨ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ᠂ ᠰᠢᠯᠢᠳᠡᠭ ᠳᠡᠰ ᠲᠤ 3 ᠨᠡᠷ᠎ᠡ ᠶᠢ ᠲᠤᠰ ᠲᠤᠰ ᠤᠷᠮᠠᠰᠢᠭᠤᠯᠤᠨ ᠬᠥᠬᠢᠭᠦᠯᠵᠡᠢ᠃
 
    ᠲᠤᠰ ᠤᠳᠠᠭᠠᠨ ᠤ ᠭᠠᠷ ᠤᠷᠠᠯᠠᠯ ᠤᠨ ᠪᠦᠲᠦᠭᠡᠯ ᠤᠨ ᠤᠷᠤᠯᠳᠤᠭᠠᠨ ᠨᠢ ᠪᠠᠶᠠᠨᠬᠤᠸᠠ ᠨᠤᠲᠤᠭ ᠤᠨ ᠠᠵᠢᠯᠴᠢ ᠬᠥᠳᠡᠯᠮᠦᠷᠢᠴᠢ ᠮᠠᠯᠴᠢᠨ ᠲᠦᠮᠡᠨ ᠤ ᠤᠷ᠎ᠠ ᠤᠬᠠᠭᠠᠨ ᠠᠪᠢᠶᠠᠰ ᠴᠢᠳᠠᠪᠤᠷᠢ ᠶᠢ ᠢᠯᠡᠷᠡᠭᠦᠯᠦᠨ ᠳᠠᠶᠢᠴᠢᠯᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠣᠶᠣᠯ ᠢ ᠤᠯᠠᠮ ᠴᠢᠨᠠᠭᠰᠢᠳᠠ ᠵᠠᠯᠭᠠᠮᠵᠢᠯᠠᠨ ᠬᠥᠭᠵᠢᠭᠦᠯᠬᠦ ᠳᠤ ᠨᠡᠮᠡᠷᠢ ᠬᠠᠨᠳᠢᠪ ᠦᠵᠡᠭᠦᠯᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号