11 ᠰᠠᠷ᠎ᠠ ᠶᠢᠨ 10 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠣᠳᠠᠭᠠᠨ ᠤ ︽ | ᠦᠵᠦᠮᠦᠴᠢᠨ ᠬᠤᠨᠳᠠᠭᠠᠲᠤ︾ ᠮᠣᠩᠭᠤᠯ ᠰᠢᠲᠠᠷ᠎ᠠ ᠶᠢᠨ ᠤᠷᠤᠯᠳᠤᠭᠠᠨ ᠬᠤᠰᠢᠭᠤ ᠬᠥᠯ ᠪᠥᠮᠪᠦᠭᠡ ᠶᠢᠨ | ᠣᠷᠳᠣᠨ ᠳᠤ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ | ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ | ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠠᠴᠠ ᠳᠠᠭᠠᠭᠠᠴᠢᠯᠠᠨ ᠡᠷᠭᠢᠯᠡᠵᠦ᠂ ᠪᠠᠷᠠᠭᠤᠨ | ᠦᠵᠦᠮᠦᠴᠢᠨ ᠬᠤᠰᠢᠭᠤᠨ ᠤ ᠮᠣᠩᠭᠤᠯ ᠰᠢᠲᠠᠷ᠎ᠠ ᠶᠢᠨ ᠨᠡᠶᠢᠭᠡᠮᠯᠢᠭ ᠠᠴᠠ ᠬᠠᠮᠵᠢᠨ ᠡᠷᠭᠢᠯᠡᠪᠡ᠃ | ᠬᠥᠯᠥᠨ ᠪᠤᠶᠢᠷ ᠬᠤᠲᠠ᠂ ᠲᠦᠩᠯᠢᠶᠣᠣ ᠬᠤᠲᠠ ᠵᠡᠷᠭᠡ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 128 | ᠰᠢᠲᠠᠷᠴᠢᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠨᠢ 9 ᠡᠭᠡᠯᠵᠢ ᠶᠢᠨ ᠤᠷᠤᠯᠳᠤᠭᠠᠨ ᠤ ᠳᠦᠷᠢᠮ ᠢ | ᠬᠡᠷᠡᠭᠵᠢᠭᠦᠯᠵᠦ᠂ ᠬᠤᠪᠢ ᠬᠤᠷᠠᠮᠳᠤᠭᠤᠯᠬᠤ ᠠᠷᠭ᠎ᠠ ᠪᠠᠷ ᠨᠡᠷᠡᠰ ᠤᠨ ᠳᠠᠷᠠᠭᠠᠯᠠᠯ ᠢ ᠵᠢᠭᠰᠠᠭᠠᠪᠠ᠃ | ᠣᠷᠣᠯᠳᠣᠭᠠᠨ ᠳᠤ ᠣᠷᠣᠯᠴᠠᠭᠰᠠᠳ ᠪᠦᠬᠦ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠠᠴᠠ ᠬᠡᠲᠦᠶᠢᠳᠦᠭᠰᠡᠨ | ᠰᠢᠲᠠᠷ᠎ᠠ ᠲᠣᠭᠯᠠᠬᠤ ᠤᠷ᠎ᠠ ᠮᠡᠷᠭᠡᠵᠢᠯ ᠢᠶᠠᠷ ᠢᠶᠠᠨ ᠤᠷᠤᠯᠳᠤᠭᠠᠨ ᠤ ᠰᠠᠶᠢᠨ ᠰᠠᠶᠢᠬᠠᠨ ᠪᠠᠶᠢᠳᠠᠯ ᠢ ᠳᠡᠯᠭᠡᠨ | ᠦᠵᠡᠭᠦᠯᠵᠡᠢ᠃ ᠬᠤᠶᠠᠷ ᠡᠳᠦᠷ ᠤᠨ ᠬᠤᠷᠴᠠ ᠰᠢᠷᠦᠭᠦᠨ ᠥᠷᠢᠰᠦᠯᠳᠦᠭᠡᠨ ᠢᠶᠠᠷ 11 ᠰᠠᠷ᠎ᠠ ᠶᠢᠨ 11 ᠤ | ᠦᠳᠡ ᠶᠢᠨ ᠬᠤᠶᠢᠨ᠎ᠠ ᠤᠷᠤᠯᠳᠤᠭᠠᠨ ᠲᠡᠭᠦᠰ ᠠᠮᠵᠢᠯᠲᠠ ᠲᠠᠢ ᠥᠨᠳᠦᠷᠯᠡᠵᠤ᠂ ᠪᠠᠷᠠᠭᠤᠨ ᠦᠵᠦᠮᠦᠴᠢᠨ ᠬᠤᠰᠢᠭᠤᠨ | ᠤ ᠣᠷᠣᠯᠴᠠᠭᠴᠢ ᠰᠣᠷᠭᠠᠯᠲᠣ ᠰᠢᠲᠠᠷ᠎ᠠ ᠶᠢᠨ ᠭᠦᠨ ᠪᠣᠯᠪᠠᠰᠤᠷᠠᠯ ᠭᠠᠷᠮᠠᠭᠠᠢ ᠠᠷᠭ᠎ᠠ ᠪᠠᠨ ᠪᠠᠳᠠᠷᠠᠭᠤᠯᠵᠤ᠂ ᠲᠤᠰ | ᠤᠳᠠᠭᠠᠨ ᠤ ᠤᠷᠤᠯᠳᠤᠭᠠᠨ ᠳᠤ ᠮᠠᠩᠯᠠᠶᠢᠯᠠᠵᠤ᠂ ᠵᠡᠭᠦᠨ ᠦᠵᠦᠮᠦᠴᠢᠨ ᠬᠤᠰᠢᠭᠤᠨ ᠤ ᠲᠠᠮᠢᠷᠴᠢᠨ ᠰᠠᠮᠫᠢᠯᠨᠣᠷᠪᠤ | ᠳᠡᠳ᠋ᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠣᠷᠣᠯᠴᠠᠭᠴᠢ ᠡᠩᠬᠡ ᠭᠤᠷᠪᠠᠳᠤᠭᠠᠷ ᠲᠤ ᠲᠣᠳᠣᠷᠠᠶᠢᠵᠠᠢ᠃ | ᠲᠣᠰ ᠤᠳᠠᠭᠠᠨ ᠤ ︽ᠦᠵᠦᠮᠦᠴᠢᠨ ᠬᠤᠨᠳᠠᠭᠠᠲᠤ︾ ᠮᠣᠩᠭᠤᠯ ᠰᠢᠲᠠᠷ᠎ᠠ ᠶᠢᠨ ᠤᠷᠤᠯᠳᠤᠭᠠᠨ ᠤ | ᠠᠮᠵᠢᠯᠲᠠ ᠲᠠᠢ ᠶᠠᠪᠤᠭᠳᠠᠭᠰᠠᠨ ᠨᠢ ᠰᠢᠲᠠᠷᠠᠴᠢᠳ ᠲᠤ ᠥᠪᠡᠷ ᠤᠨ ᠤᠷ᠎ᠠ ᠮᠡᠷᠭᠡᠵᠢᠯ ᠢᠶᠠᠨ ᠪᠠᠳᠠᠷᠠᠭᠤᠯᠬᠤ ᠲᠠᠪᠴᠠᠩ | ᠬᠠᠩᠭᠠᠭᠰᠠᠨ ᠢᠶᠠᠷ ᠪᠠᠷᠠᠬᠤ ᠦᠭᠡᠢ᠂ ᠮᠣᠩᠭᠤᠯ ᠰᠢᠲᠠᠷ᠎ᠠ ᠶᠢᠨ ᠬᠥᠭᠵᠢᠯᠲᠡ ᠪᠠ ᠤᠯᠠᠮᠵᠢᠯᠠᠯ ᠢ ᠠᠬᠢᠭᠤᠯᠬᠤ ᠳᠤ ᠴᠤ | ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠮᠣᠩᠭᠤᠯ ᠰᠢᠲᠠᠷ᠎ᠠ ᠶᠢᠨ ᠷᠢᠳᠢ ᠰᠢᠳᠢ ᠶᠢ ᠳᠡᠯᠭᠡᠨ ᠦᠵᠡᠭᠦᠯᠵᠦ᠂ ᠪᠥᠬᠦ | ᠣᠷᠣᠨ ᠤ ᠡᠯ᠎ᠡ ᠭᠠᠵᠠᠷ ᠤᠨ ᠰᠢᠲᠠᠷ᠎ᠠ ᠳᠤ ᠪᠠᠭ᠋ᠠᠲᠠᠢ ᠬᠥᠮᠥᠰ ᠲᠤ ᠰᠣᠯᠢᠯᠴᠠᠭ᠎ᠠ ᠪᠠ ᠰᠤᠷᠤᠯᠴᠠᠯᠭ᠎ᠠ ᠶᠢᠨ ᠲᠠᠪᠴᠠᠩ | ᠬᠠᠩᠭᠠᠭᠰᠠᠨ ᠪᠠᠶᠢᠨ᠎ᠠ᠃ | | | | |