ᠲᠠᠮᠢᠷ ᠤᠨ ᠲᠠᠯᠠᠪᠤᠷ ᠤᠨ ᠰᠢᠨᠡᠴᠢᠯᠡᠯᠲᠡ ᠨᠢ ᠰᠣᠷᠭᠠᠭᠤᠯᠢ ᠶᠢᠨ ᠡᠯ᠎ᠡ ᠲᠠᠯ᠎ᠠ ᠶᠢᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/11/15
   ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠣᠯᠠᠭᠠᠨ ᠨᠤᠭᠤᠭᠠᠨ ᠦᠩᠭᠡ ᠶᠢᠨ ᠰᠢᠨᠡᠬᠡᠨ ᠪᠤᠳᠤᠭ ᠢᠶᠠᠷ ᠢᠯᠭᠠᠷᠠᠵᠤ᠂ ᠰᠤᠷᠤᠭᠴᠢᠳ  ᠪᠦᠮᠪᠦᠭᠡᠨ ᠲᠠᠯᠠᠪᠤᠷ ᠤᠨ ᠰᠢᠨ᠎ᠡ ᠵᠦᠯᠭᠡᠨ ᠳᠡᠭᠡᠷ᠎ᠡ ᠨᠠᠭᠠᠳᠤᠨ ᠬᠥᠭᠡᠷᠦᠯᠳᠦᠵᠦ᠂ ᠰᠣᠷᠭᠠᠭᠤᠯᠢ ᠶᠢᠨ ᠬᠥᠷᠢᠶ᠎ᠡ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠨᠢ ᠪᠠᠶᠢᠷᠢ ᠶᠢᠨ ᠳᠦᠷᠢᠮᠲᠦ ᠰᠤᠷᠭᠠᠭᠤᠯᠢ ᠪᠣᠯᠤᠭᠰᠠᠨ ᠤ ᠬᠤᠪᠢ ᠳᠤ᠂ ᠣᠳᠣᠬᠠᠨ ᠳᠤ ᠰᠤᠷᠭᠠᠭᠤᠯᠢ ᠳᠤ ᠪᠠᠶᠢᠭ᠎ᠠ ᠰᠣᠷᠣᠭᠴᠢ 1500 ᠭᠠᠷᠤᠢ᠂ ᠪᠠᠶᠢᠷᠢ ᠳᠤ ᠰᠠᠭᠤᠭ᠎ᠠ ᠰᠣᠷᠣᠭᠴᠢ 800 ᠭᠠᠷᠤᠢ ᠪᠠᠶᠢᠵᠤ᠂ ᠬᠢᠴᠢᠶᠡᠯ ᠠᠴᠠ ᠭᠠᠳᠠᠨᠠᠬᠢ ᠴᠠᠭ ᠪᠠ ᠪᠡᠶ᠎ᠡ ᠲᠠᠮᠢᠷ ᠤᠨ ᠬᠢᠴᠢᠶᠡᠯᠯᠡᠭᠡ ᠶᠢᠨ ᠴᠠᠭ ᠲᠤ  ᠬᠦᠷᠦᠯᠴᠡᠬᠦᠶᠢᠴᠡ ᠣᠷᠣᠨ ᠵᠠᠢ ᠪᠦᠬᠦᠢ ᠰᠢᠯᠢᠳᠡᠭ ᠴᠢᠨᠠᠷ ᠤᠨ ᠪᠡᠶ᠎ᠡ ᠲᠠᠮᠢᠷ ᠤᠨ ᠬᠥᠳᠡᠯᠭᠡᠭᠡᠨ ᠤ ᠲᠠᠯᠠᠪᠤᠷ ᠢ ᠱᠠᠭᠠᠷᠳᠠᠳᠠᠭ᠃  
   2010 ᠣᠨ ᠳᠤ ᠡᠬᠢᠯᠡᠨ ᠪᠠᠶᠢᠭᠤᠯᠤᠭᠰᠠᠨ ᠲᠠᠮᠢᠷ ᠤᠨ ᠲᠠᠯᠠᠪᠤᠷ ᠨᠢ ᠣᠯᠠᠨ ᠵᠢᠯ ᠤᠨ ᠰᠠᠯᠬᠢ ᠪᠤᠷᠤᠭᠠᠨ ᠳᠤ ᠨᠤᠭᠤᠭᠠᠨ ᠵᠦᠯᠭᠡ᠂ ᠭᠦᠶᠦᠯᠲᠡ ᠶᠢᠨ ᠵᠠᠮ ᠨᠢ ᠬᠠᠭᠤᠴᠢᠷᠠᠵᠤ ᠡᠪᠳᠡᠷᠡᠨ᠂ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠵᠢᠴᠢ ᠪᠠᠭᠰᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠪᠡᠶ᠎ᠡ ᠲᠠᠮᠢᠷ ᠤᠨ ᠬᠥᠳᠡᠯᠭᠡᠭᠡᠨ ᠢ ᠨᠥᠯᠦᠭᠡᠯᠡᠬᠦ  ᠪᠤᠯᠵᠠᠢ᠃    ᠡᠨᠡ ᠬᠦ ᠪᠠᠶᠢᠳᠠᠯ ᠳᠤ᠂ 2023 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠢᠳᠡᠪᠬᠢᠲᠡᠢ ᠪᠠᠷ ᠥᠪᠡᠷᠲᠡᠭᠡᠨ ᠵᠠᠰᠠᠬᠤ ᠣᠷᠣᠨ ᠠᠴᠠ ᠪᠡᠯᠡ ᠮᠥᠩᠭᠦᠨ ᠤ ᠳᠡᠮᠵᠢᠯᠭᠡ ᠭᠤᠶᠤᠴᠢᠯᠠᠵᠤ᠂ 2024 ᠣᠨ ᠳᠤ ᠥᠪᠡᠷᠲᠡᠭᠡᠨ ᠵᠠᠰᠠᠬᠤ ᠣᠷᠣᠨ ᠠᠴᠠ 285 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠪᠠᠭᠤᠯᠭᠠᠵᠤ᠂ ᠲᠣᠰ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠰᠡᠯᠪᠢᠨ ᠵᠠᠰᠠᠵᠤ ᠥᠭᠡᠷᠡᠴᠢᠯᠡᠬᠦ ᠳᠤ ᠬᠡᠷᠡᠭᠵᠢᠭᠦᠯᠵᠦ᠂ 2024 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠲᠠᠮᠢᠷ ᠤᠨ ᠲᠠᠯᠠᠪᠤᠷ ᠢ ᠵᠠᠰᠠᠨ ᠰᠡᠯᠪᠢᠵᠦ᠂ 5903 ᠲᠡᠭᠰᠢ ᠳᠦᠷᠪᠡᠯᠵᠢᠨ ᠮᠧᠲᠷ ᠤᠨ ᠲᠠᠯᠠᠪᠠᠢ ᠶᠢ ᠰᠢᠨ᠎ᠡ ᠪᠠᠷ ᠳᠡᠪᠢᠰᠴᠦ᠂ 10075 ᠲᠡᠭᠰᠢ ᠳᠦᠷᠪᠡᠯᠵᠢᠨ ᠮᠧᠲᠷ ᠤᠨ ᠬᠢᠮᠡᠯ ᠵᠦᠯᠭᠡ ᠳᠡᠪᠢᠰᠴᠦ᠂ 110 ᠮᠧᠲᠷ ᠤᠨ ᠤᠰᠤ ᠵᠠᠯᠠᠬᠤ ᠬᠤᠭᠤᠯᠠᠢ ᠶᠢ ᠰᠡᠯᠪᠢᠨ ᠵᠠᠰᠠᠵᠤ  ᠂ ᠡᠨᠡ ᠵᠢᠯ ᠤᠨ 9 ᠰᠠᠷ᠎ᠠ ᠳᠤ ᠲᠠᠮᠢᠷ ᠤᠨ ᠲᠠᠯᠠᠪᠤᠷ ᠤᠨ ᠰᠡᠯᠪᠢᠨ ᠵᠠᠰᠠᠵᠤ ᠥᠭᠡᠷᠡᠴᠢᠯᠡᠬᠦ ᠲᠦᠷᠦᠯ ᠵᠦᠢᠯ ᠠᠵᠢᠯ ᠳᠠᠭᠤᠰᠴᠤ ᠠᠰᠢᠭᠯᠠᠯᠲᠠ ᠳᠤ  ᠣᠷᠣᠭᠰᠠᠨ  ᠪᠠᠶᠢᠨ᠎ᠠ᠃
    ᠰᠤᠷᠭᠠᠨ ᠬᠥᠮᠦᠵᠢᠯ ᠪᠣᠯ ᠴᠢᠳᠠᠪᠤᠷᠢᠲᠠᠨ ᠢ ᠬᠥᠮᠥᠵᠢᠭᠦᠯᠬᠦ ᠶᠢᠨ ᠰᠠᠭᠤᠷᠢ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠨᠢ ᠪᠦᠬᠦ ᠲᠠᠯ᠎ᠠ ᠶᠢᠨ ᠰᠤᠷᠭᠠᠨ ᠬᠥᠮᠦᠵᠢᠯ ᠤᠨ ᠳᠤᠲᠠᠭᠳᠠᠵᠤ ᠪᠣᠯᠣᠰᠢ ᠦᠭᠡᠢ ᠴᠢᠬᠤᠯᠠ ᠪᠦᠷᠢᠯᠳᠦᠭᠦᠨ ᠬᠡᠰᠡᠭ ᠮᠥᠨ᠃ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ  ᠲᠠᠮᠢᠷ ᠤᠨ ᠲᠠᠯᠠᠪᠤᠷ ᠤᠨ ᠰᠢᠨᠡᠴᠢᠯᠡᠯᠲᠡ ᠨᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠰᠠ ᠥᠷᠭᠡᠨ ᠣᠯᠠᠨ ᠰᠤᠷᠤᠭᠴᠢᠳ ᠲᠤ ᠨᠠᠩ ᠰᠢᠯᠢᠳᠡᠭ ᠪᠡᠶ᠎ᠡ ᠲᠠᠮᠢᠷ ᠤᠨ ᠪᠣᠯᠪᠠᠰᠤᠷᠠᠯ ᠤᠨ ᠲᠠᠯᠠᠪᠤᠷ ᠬᠠᠩᠭᠠᠨ᠂ ᠠᠮᠤᠷ ᠲᠦᠪᠰᠢᠨ ᠤ ᠲᠠᠯ᠎ᠠ ᠪᠠᠷ᠂ ᠲᠠᠯᠠᠪᠤᠷ ᠤᠨ ᠰᠢᠯᠢᠳᠡᠭ ᠰᠠᠶᠢᠨ ᠮᠠᠲ᠋ᠧᠷᠢᠶᠠᠯ ᠨᠢ ᠰᠤᠷᠤᠭᠴᠢᠳ ᠤᠨ ᠪᠡᠶ᠎ᠡ ᠲᠠᠮᠢᠷ ᠤᠨ ᠬᠥᠳᠡᠯᠭᠡᠭᠡᠨ ᠤ ᠰᠢᠷᠬᠠᠳᠣᠯ ᠤᠨ ᠨᠣᠷᠮ᠎ᠠ ᠶᠢ ᠪᠦᠲᠦᠮᠵᠢᠲᠡᠢ ᠳᠤᠷᠤᠭᠰᠢᠯᠠᠭᠤᠯᠵᠤ᠂ ᠪᠡᠶ᠎ᠡ ᠲᠠᠮᠢᠷ ᠤᠨ ᠵᠢᠭᠠᠨ ᠰᠤᠷᠭᠠᠯᠲᠠ ᠎ ᠶᠢᠨ ᠲᠠᠯ᠎ᠠ ᠪᠠᠷ᠂ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠡᠯ᠎ᠡ ᠲᠦᠷᠦᠯ ᠤᠨ ᠪᠡᠶ᠎ᠡ ᠲᠠᠮᠢᠷ ᠤᠨ ᠲᠦᠷᠦᠯ ᠵᠦᠢᠯ ᠢ ᠤᠷᠤᠭᠰᠢᠲᠠᠢ ᠥᠷᠨᠢᠭᠦᠯᠬᠦ ᠶᠢ ᠪᠠᠲᠤᠯᠠᠵᠤ᠂ ᠬᠢᠴᠢᠶᠡᠯ ᠤᠨ ᠭᠠᠳᠠᠨᠠᠬᠢ ᠴᠠᠭ ᠲᠤ᠂ ᠨᠠᠩ ᠴᠤ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠤᠷ ᠲᠦᠪᠰᠢᠨ ᠲᠠᠭᠠᠯᠠᠮᠵᠢᠲᠠᠢ ᠬᠥᠳᠡᠯᠭᠡᠭᠡᠨ ᠤ ᠲᠠᠯᠠᠪᠤᠷ ᠬᠠᠩᠭᠠᠵᠤ᠂ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠣᠶᠢᠵᠢᠬᠤ ᠳᠤ  ᠪᠠᠲᠤᠯᠠᠭ᠎ᠠ ᠬᠠᠩᠭᠠᠵᠠᠢ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号