︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠪᠠᠷᠠᠭᠤᠨ ᠦᠵᠦᠮᠦᠴᠢᠨ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠥᠷᠨᠢᠩᠭᠦᠶ ᠬᠥᠭᠵᠢᠯᠲᠡ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/11/15
    ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠎ ᠤᠨ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠪᠠᠶᠠᠯᠢᠭᠵᠢᠭᠤᠯᠬᠤ᠂ ᠴᠡᠷᠢᠭ ᠠᠩᠭᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠯᠢ ᠬᠢᠵᠠᠭᠠᠷ ᠣᠷᠣᠨ ᠢᠶᠠᠨ ᠬᠥᠭᠵᠢᠭᠦᠯᠦᠨ ᠬᠢᠯᠢ ᠬᠢᠵᠠᠭᠠᠷ ᠣᠷᠣᠨ ᠢᠶᠠᠨ ᠬᠠᠶᠢᠷᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠬᠥᠭᠵᠢᠭᠡᠵᠦ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠨ ᠤᠷᠤᠭᠰᠢᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠬᠢᠯᠢ ᠬᠢᠵᠠᠭᠠᠷ ᠣᠷᠣᠨ ᠢᠶᠠᠨ ᠬᠦᠴᠦᠷᠬᠡᠭᠵᠢᠭᠦᠯᠦᠨ ᠰᠡᠷᠭᠡᠶᠢᠯᠡᠯᠲᠡ ᠪᠠᠨ ᠪᠠᠬᠢᠵᠢᠭᠦᠯᠬᠦ ᠂ ᠬᠢᠯᠢ ᠬᠢᠵᠠᠭᠠᠷ ᠣᠷᠣᠨ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠴᠢᠬᠤᠯᠠ ᠲᠤᠯᠭᠠᠭᠤᠷᠢᠯᠠᠯ ᠪᠣᠯᠬᠤ ᠳᠤ ᠬᠦᠴᠦ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠪᠠᠷᠠᠭᠤᠨ ᠦᠵᠦᠮᠦᠴᠢᠨ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠥᠷᠨᠢᠩᠭᠦᠶ ᠬᠥᠭᠵᠢᠯᠲᠡ ᠳᠤ ᠭᠦᠶᠴᠡᠳ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃    ᠵᠢᠯ ᠤᠨ ᠡᠬᠢᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠯᠪᠠᠨ ᠬᠡᠷ ᠎ ᠠᠴᠠ ᠲᠠᠷᠬᠠᠭᠠᠭᠰᠠᠨ ︽ᠬᠢᠯᠢ ᠬᠢᠵᠠᠭᠠᠷ ᠢ ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ ᠳᠤᠮᠳᠠᠬᠢ ᠤᠯᠠᠭᠠᠨᠮᠥ᠋ᠴᠢᠷ ᠤᠨ ︿ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ﹀᠎ ᠤᠨ ᠦᠶᠯᠡᠳᠦᠯ ᠢ ᠭᠦᠶᠴᠡᠳ ᠪᠠᠳᠠᠷᠠᠭᠤᠯᠬᠤ ᠠᠷᠭ᠎ᠠ ᠬᠡᠮᠵᠢᠶ᠎ᠡ︾᠎ ᠶᠢᠨ ᠱᠠᠭᠠᠷᠳᠠᠯᠭ᠎ᠠ ᠶᠣᠰᠣᠭᠠᠷ᠂ ᠬᠤᠰᠢᠭᠤ ᠤᠯᠠᠭᠠᠨᠮᠥ᠋ᠴᠢᠷ ᠲᠠᠢ ᠬᠠᠮᠳᠤᠷᠠᠯᠴᠠᠨ ᠴᠡᠷᠢᠭ ᠠᠩᠭᠢ ᠳᠤ ᠭᠦᠨᠵᠡᠭᠡᠶᠢᠷᠡᠨ‌‍ᠲ᠋ᠣᠭᠯᠠᠯᠲᠠ ᠭᠠᠷᠭᠠᠬᠤ ᠵᠡᠷᠭᠡ ᠠᠵᠢᠯᠯᠠᠭ᠎ᠠ ᠥᠷᠨᠢᠭᠦᠯᠵᠦ᠂ ᠨᠠᠮ ᠎ ᠤᠨ ᠲᠠᠭᠤᠨ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠪᠠ᠃ 2024 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠠᠯᠢ ᠤᠯᠠᠨ  ᠰᠢᠯᠢᠳᠡᠭ ᠰᠠᠶᠢᠬᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠳᠦᠭᠡᠵᠦ᠂ ᠬᠢᠯᠢ ᠬᠢᠵᠠᠭᠠᠷ ᠤᠨ ᠴᠡᠷᠢᠭ ᠠᠷᠠᠳ ᠢ ᠮᠠᠭᠲᠠᠨ ᠰᠠᠶᠢᠰᠢᠶᠠᠭᠰᠠᠨ ᠪᠠ ᠬᠢᠯᠢ ᠬᠢᠵᠠᠭᠠᠷ ᠤᠨ ᠵᠣᠷᠢᠭ ᠰᠠᠨᠠᠭ᠎ᠠ ᠶᠢ ᠮᠠᠭᠲᠠᠨ ᠳᠠᠭᠤᠯᠠᠭᠰᠠᠨ ᠳᠠᠭᠤᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾᠂ ᠪᠥᠵᠢᠭ ︽ᠬᠠᠪᠤᠷ ᠤᠨ ᠬᠤᠷ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠣᠬᠢᠶᠠᠨ ᠪᠦᠲᠦᠭᠡᠵᠡᠢ᠃ ᠡᠲᠡᠭᠡᠷ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠪᠦᠲᠦᠭᠡᠯ ᠨᠢ ᠬᠠᠮᠤᠭ ᠤᠨ ᠬᠠᠶᠢᠷᠠᠲᠠᠶ ᠬᠥᠮᠦᠰ ᠲᠤ ᠬᠦᠨᠳᠦᠳᠬᠡᠯ ᠳᠡᠪᠰᠢᠭᠦᠯᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠣᠯᠤᠨ ᠣᠯᠠᠨ ᠲᠦᠮᠡᠨ ᠎ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠤᠨ ᠳᠤᠮᠳᠠ ᠣᠶᠤᠨ ᠰᠠᠨᠠᠭᠠᠨ ᠤ ᠰᠢᠮ᠎ᠡ ᠣᠯᠭᠤᠵᠤ᠂ ᠠᠷᠠᠳ ᠣᠯᠠᠨ ᠤ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠎ ᠶᠢ ᠵᠣᠷᠢᠭᠵᠢᠭᠤᠯᠵᠤ ᠪᠠᠶᠢᠭ᠎ᠠ ᠪᠥᠭᠡᠳ ᠣᠳᠣᠬᠠᠨ ᠤ ᠡᠩᠬᠡ ᠲᠠᠶᠢᠪᠤᠩ ᠵᠣᠯ ᠵᠢᠷᠭᠠᠯᠲᠤ ᠠᠮᠢᠳᠤᠷᠠᠯ ᠢᠶᠠᠨ ᠤᠯᠠᠮ ᠨᠠᠨᠳᠢᠩᠨᠠᠨ ᠬᠠᠶᠢᠷᠠᠯᠠᠵᠤ᠂ ᠴᠡᠷᠢᠭ ᠠᠷᠠᠳ ᠤᠨ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠪᠠᠬᠢᠵᠢᠭᠦᠯᠬᠦ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃ ᠣᠲᠣ ᠪᠣᠯᠲᠠᠯ᠎ᠠ᠂ ᠬᠤᠰᠢᠭᠤ ᠤᠯᠠᠭᠠᠨᠮᠥ᠋ᠴᠢᠷ ᠨᠢ 6 ᠤᠳᠠᠭ᠎ᠠ ᠴᠡᠷᠢᠭ ᠠᠩᠭᠢ ᠳᠤ ᠬᠦᠷᠴᠦ ᠲᠣᠬᠤᠨᠢᠭᠤᠯᠬᠤ ᠲᠣᠭᠯᠠᠯᠲᠠ ᠭᠠᠷᠭᠠᠵᠠᠶ᠃ ᠣᠯᠠᠨ ᠵᠢᠯ ᠤᠨ ᠲᠤᠷᠰᠢ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠨᠠᠶᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠥᠠᠠᠳᠠᠭᠰᠠᠨ ᠪᠠᠶᠠᠷ᠂ ᠤᠯᠤᠰ ᠤᠨ ᠪᠠᠶᠠᠷ᠂ ᠴᠠᠭᠠᠨ ᠰᠠᠷ᠎ᠠ ᠵᠡᠷᠭᠡ ᠴᠢᠬᠤᠯᠠ ᠪᠠᠶᠠᠷ ᠳᠤᠷᠠᠰᠬᠠᠯ ᠤᠨ ᠬᠤᠭᠤᠴᠠᠭᠠᠨ ᠳᠤ ᠴᠡᠷᠢᠭ ᠠᠩᠭᠢ ᠳᠤ ᠬᠦᠷᠴᠦ ᠲᠣᠭᠯᠠᠯᠲᠠ ᠰᠣᠨᠢᠷᠬᠠᠭᠤᠯᠬᠤ ᠪᠠ ᠣᠷᠣᠨ ᠨᠤᠲᠤᠭ ᠤᠨ ᠬᠠᠮᠲᠤᠷᠠᠯᠴᠠᠭ᠎ᠠ ᠰᠣᠯᠢᠯᠴᠠᠭ᠎ᠠ ᠬᠢᠵᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠢᠮᠠᠭᠲᠠ ᠪᠠᠷᠢᠮᠲᠠᠯᠠᠭᠰᠠᠭᠠᠷ ᠢᠷᠡᠵᠡᠶ᠃ ᠴᠡᠷᠢᠭ ᠠᠩᠭᠢ ᠪᠠ ᠣᠷᠣᠨ ᠨᠤᠲᠤᠭ ᠤᠨ ᠤᠬᠠᠭᠤᠯᠭ᠎ᠠ ᠤᠳᠬ᠎ᠠ ᠤᠷᠠᠯᠢᠭ ᠤᠨ ᠡᠬᠢ ᠪᠠᠶᠠᠯᠢᠭ ᠢ ᠭᠦᠶᠴᠡᠳ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠢᠯᠢ ᠬᠢᠵᠠᠭᠠᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠢᠯᠢ ᠬᠢᠵᠠᠭᠠᠷ ᠤᠨ ᠴᠡᠷᠢᠭ ᠠᠷᠠᠳ ᠤᠨ ᠬᠢᠯᠢ ᠬᠢᠵᠠᠭᠠᠷ ᠲᠠᠭᠠᠨ ᠰᠡᠳᠬᠢᠯ ᠠᠮᠤᠷ ᠪᠠᠶᠢᠬᠤ᠂ ᠬᠢᠯᠢ ᠬᠢᠵᠠᠭᠠᠷ ᠲᠤ ᠦᠨᠳᠦᠰᠦᠯᠡᠵᠦ᠂ ᠬᠢᠯᠢ ᠬᠢᠵᠠᠭᠠᠷ ᠲᠠᠭᠠᠨ ᠬᠤᠪᠢ ᠨᠡᠮᠡᠷᠢ ᠦᠵᠡᠭᠦᠯᠬᠦ᠂ ᠬᠢᠯᠢ ᠬᠢᠵᠠᠭᠠᠷ ᠢᠶᠠᠨ ᠪᠥᠲᠥᠭᠡᠨ ᠪᠠᠶᠢᠭᠤᠯᠬᠤ ᠬᠦᠰᠡᠯᠡᠩ ᠢᠲᠡᠭᠡᠯ ᠵᠣᠷᠢᠭ ᠪᠠ ᠵᠣᠷᠢᠭ ᠰᠠᠨᠠᠭ᠎ᠠ ᠶᠢ ᠲᠠᠰᠤᠷᠠᠯᠲᠠ ᠥᠬᠡᠶ ᠪᠠᠳᠤᠳᠬᠠᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号