ᠪᠠᠷᠠᠭᠤᠨ ᠵᠠᠰᠠᠭ ᠠᠯᠪᠠᠨ ᠦᠰᠦᠭ 〔2024〕 19 ᠳ᠋ᠤᠭᠡᠷ ᠲᠣᠭᠠᠲᠤ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠪᠠᠷᠠᠭᠤᠨ | ᠦᠵᠦᠮᠦᠴᠢᠨ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠤᠨ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢ ᠲᠠᠢ ᠪᠠᠶᠢᠯᠭᠠᠬᠤ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2024 ᠣᠨ ᠤ 9 ᠰᠠᠷ᠎ᠠ ᠶᠢᠨ 12 ᠤᠨ ᠡᠳᠦᠷ | ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠤᠨ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠬᠡᠷᠡᠭᠵᠢᠭᠦᠯᠬᠦ ᠲᠥᠰᠥᠯ | ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠪᠠᠶᠢᠭᠤᠯᠤᠨ᠂ ᠨᠤᠲᠤᠭ ᠪᠡᠯᠴᠢᠭᠡᠷ ᠤᠨ | ᠬᠡᠷᠡᠭᠴᠡᠭᠡ ᠶᠢᠨ ᠬᠠᠮᠢᠶᠠᠷᠤᠯᠲᠠ ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠮᠠᠨ ᠤ ᠬᠤᠰᠢᠭᠤᠨ ᠤ | ᠲᠠᠯ᠎ᠠ ᠨᠤᠲᠤᠭ ᠤᠨ ᠠᠮᠢ ᠠᠬᠤᠢ ᠪᠠ ᠪᠡᠯᠴᠢᠭᠡᠷ ᠤᠨ ᠮᠠᠯ ᠠᠵᠤ ᠠᠬᠤᠢ ᠶᠢᠨ ᠦᠷᠭᠦᠯᠵᠢᠯᠡᠨ ᠵᠣᠬᠢᠴᠠᠩᠭᠤᠢ | ᠬᠦᠭᠵᠢᠬᠦ ᠶᠢ ᠯᠠᠪᠳᠠᠭᠤᠨ ᠪᠦᠲᠦᠮᠵᠢᠲᠡᠶ ᠠᠬᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠵᠦ᠂ ︽ᠦᠨᠳᠦᠰᠦᠨ ᠨᠤᠲᠤᠭ ᠪᠡᠯᠴᠢᠭᠡᠷ ᠢ ᠡᠵᠡᠯᠡᠨ | ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠦᠨᠳᠦᠰᠦᠨ ᠨᠤᠲᠤᠭ ᠪᠡᠯᠴᠢᠭᠡᠷ ᠢ ᠨᠥᠬᠦᠨ ᠬᠤᠪᠢᠶᠠᠷᠢᠯᠠᠬᠤ ᠠᠵᠢᠯ ᠢ ᠥᠷᠨᠢᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ | ︾ ︵ᠥᠪᠥᠷ ᠣᠶ ᠡᠪᠡᠰᠦ ᠪᠡᠯᠴᠢᠭᠡᠷ ᠤᠨ ᠬᠢᠨᠠᠯᠲᠠ ᠵᠠᠬᠢᠳᠠᠯ ﹇2024﹈ 336 ᠳ᠋ᠤᠭᠠᠷ ᠲᠣᠭᠠᠲᠤ︶ ᠤᠨ ᠬᠠᠮᠢᠶ᠎ᠠ | ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠰᠢᠨ᠎ᠡ ᠨᠢᠭᠡ ᠡᠭᠡᠯᠵᠢ ᠶᠢᠨ ᠦᠨᠳᠦᠰᠦᠨ ᠨᠤᠲᠤᠭ ᠪᠡᠯᠴᠢᠭᠡᠷ ᠤᠨ | ᠲᠤᠭ᠎ᠠ ᠪᠠᠷᠢᠮᠲᠠ ᠶᠢ ᠵᠢᠩᠬᠢᠨᠢ ᠪᠠᠷ ᠨᠡᠶᠢᠲᠡᠯᠡᠭᠰᠡᠨ ᠤ ᠳᠠᠷᠠᠭ᠎ᠠ᠂ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ | ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠦᠨᠳᠦᠰᠦᠨ ᠨᠤᠲᠤᠭ ᠪᠡᠯᠴᠢᠭᠡᠷ ᠢ ᠨᠥᠬᠦᠨ ᠬᠤᠪᠢᠶᠠᠷᠢᠯᠠᠬᠤ ᠠᠵᠢᠯ ᠢ ᠬᠢᠬᠦ ᠶᠢᠨ ᠬᠠᠮᠲᠤ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠦᠨᠳᠦᠰᠦᠨ ᠨᠤᠲᠤᠭ ᠪᠡᠯᠴᠢᠭᠡᠷ ᠤᠨ ᠲᠣᠶᠢᠮᠣᠴᠢᠯᠠᠯ | ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ︵︽ᠭᠤᠷᠪᠠᠳᠤᠭᠠᠷ | ᠪᠠᠶᠢᠴᠠᠭᠠᠯᠳᠠ︾ ᠭᠡᠵᠦ ᠲᠣᠪᠴᠢᠯᠠᠨ᠎ᠠ︶ ᠵᠢᠴᠢ 2020 ᠣᠨ ᠤ ᠤᠯᠤᠰ ᠤᠨ ᠨᠤᠲᠤᠭ ᠳᠡᠪᠢᠰᠬᠡᠷ ᠤᠨ | ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠬᠤᠰᠢᠭᠤᠨ ᠤ ᠪᠡᠯᠴᠢᠭᠡᠷ ᠤᠨ | ᠶᠡᠷᠦᠩᠬᠡᠢ ᠲᠠᠯᠠᠪᠠᠶ 2928.57 ᠲᠦᠮᠡᠨ ᠮᠦ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠨᠢ 2741.96 | ᠲᠦᠮᠡᠨ ᠮᠦ᠂ ᠡᠵᠡᠯᠡᠬᠦ ᠬᠠᠷᠢᠴᠠᠯ ᠨᠢ 93.63% ᠪᠣᠯᠣᠨ᠎ᠠ᠂ ᠡᠭᠦᠨ ᠳᠤ᠄ ᠭᠤᠣᠯ ᠪᠡᠯᠴᠢᠭᠡᠷ ᠤᠨ ᠲᠠᠯᠠᠪᠠᠶ ᠨᠢ | 1801.19 ᠲᠦᠮᠡᠨ ᠮᠦ᠂ ᠬᠠᠳᠤᠯᠠᠩ ᠤᠨ ᠲᠠᠯᠠᠪᠠᠢ ᠨᠢ 796.8 ᠲᠦᠮᠡᠨ ᠮᠦ᠂ ᠲᠠᠷᠢᠮᠠᠯ ᠪᠡᠯᠴᠢᠭᠡᠷ ᠨᠢ 0.11 | ᠲᠦᠮᠡᠨ ᠮᠦ ᠪᠤᠯᠤᠨ᠎ᠠ᠃ ᠨᠤᠲᠤᠭ ᠪᠡᠯᠴᠢᠭᠡᠷ ᠢ ᠵᠠᠰᠠᠨ ᠰᠠᠶᠢᠵᠢᠷᠠᠭᠤᠯᠤᠭᠰᠠᠨ ᠲᠠᠯᠠᠪᠠᠢ ᠨᠢ15.87 ᠲᠦᠮᠡᠨ ᠮᠦ᠂ | ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ | ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ | ᠪᠡᠯᠴᠢᠭᠡᠷ ᠤᠨ ᠲᠠᠯᠠᠪᠠᠢ ᠨᠢ 127.99 ᠲᠦᠮᠡᠨ ᠮᠦ ᠪᠣᠯᠣᠨ᠎ᠠ᠃ ᠦᠨᠳᠦᠰᠦᠨ ᠪᠤᠰᠤ ᠨᠤᠲᠤᠭ ᠪᠡᠯᠴᠢᠭᠡᠷ ᠤᠨ | ᠲᠠᠯᠠᠪᠠᠶ ᠨᠢ 186.61 ᠲᠦᠮᠡᠨ ᠮᠦ ᠳᠤ ᠬᠦᠷᠴᠦ᠂ 6.37% ᠶᠢ ᠡᠵᠡᠯᠡᠪᠡ᠃ | ᠬᠤᠶᠠᠷ᠂ ᠠᠵᠢᠯ ᠤᠨ ᠵᠠᠷᠴᠢᠮ ᠪᠣᠯᠣᠨ ᠬᠠᠷᠠᠯᠲᠠ | ᠦᠨᠳᠦᠰᠦᠨ ᠨᠤᠲᠤᠭ ᠪᠡᠯᠴᠢᠭᠡᠷ ᠤᠨ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠪᠠᠭᠠᠰᠬᠠᠬᠤ ᠦᠭᠡᠢ᠂ | ᠵᠡᠷᠭᠡ ᠳᠡᠰ ᠢ ᠪᠠᠭᠤᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ ᠤᠨ ᠬᠡᠷᠡᠭᠴᠡᠭᠡ ᠶᠢ | ᠵᠠᠬᠢᠷᠤᠨ ᠬᠠᠮᠢᠶᠠᠷᠬᠤ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢ ᠪᠡᠶᠡᠯᠡᠭᠦᠯᠵᠦ᠂ ︽ᠨᠤᠲᠤᠭ | ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ | ︾᠂ ︽ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ | ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠳᠦᠰᠦᠨ ᠨᠤᠲᠤᠭ ᠪᠡᠯᠴᠢᠭᠡᠷ ᠢ ᠨᠥᠬᠦᠨ | ᠬᠤᠪᠢᠶᠠᠷᠢᠯᠠᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ᠵᠢᠴᠢ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠦᠨᠳᠦᠰᠦᠨ ᠨᠤᠲᠤᠭ ᠪᠡᠯᠴᠢᠭᠡᠷ ᠢ | ᠡᠵᠡᠯᠡᠨ ᠬᠡᠷᠡᠭᠯᠡᠬᠦ ᠳᠤ ᠨᠡᠶᠢᠴᠡᠬᠦ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠦᠨᠳᠦᠰᠦᠨ ᠨᠤᠲᠤᠭ ᠪᠡᠯᠴᠢᠭᠡᠷ ᠤᠨ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠳᠣᠣᠷᠠᠬᠢ ᠮᠡᠲᠦ ᠨᠥᠬᠦᠪᠦᠷᠢᠯᠡᠨ ᠬᠤᠪᠢᠶᠠᠷᠢᠯᠠᠬᠤ ᠵᠠᠷᠴᠢᠮ ᠢ ᠪᠠᠷᠢᠮᠲᠠᠯᠠᠨ᠎ᠠ | ᠄ | ︵ᠨᠢᠭᠡ︶ ᠨᠤᠲᠤᠭ ᠪᠡᠯᠴᠢᠭᠡᠷ ᠤᠨ ᠠᠮᠢ ᠠᠬᠤᠢ ᠶᠢᠨ ᠴᠢᠳᠠᠮᠵᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ᠂ ᠣᠯᠠᠨ ᠶᠠᠩᠵᠤᠲᠤ ᠴᠢᠨᠠᠷ ᠢ | ᠬᠠᠮᠠᠭᠠᠯᠠᠨ᠂ ᠪᠣᠬᠢᠷᠲᠤᠯ ᠦᠭᠡᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ᠂ ︽ | ᠭᠤᠷᠪᠠᠨ ᠣᠷᠣᠨ ᠭᠤᠷᠪᠠᠨ ᠱᠤᠭᠤᠮ︾ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠯ᠎ᠡ | ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠵᠡᠷᠭᠡ ᠶᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ᠂ ᠦᠨᠳᠦᠰᠦᠨ ᠨᠤᠲᠤᠭ ᠪᠡᠯᠴᠢᠭᠡᠷ ᠢ ᠵᠦᠢ ᠵᠣᠬᠢᠰᠲᠠᠢ ᠨᠥᠬᠦᠵᠦ ᠬᠤᠪᠢᠶᠠᠷᠢᠯᠠᠨ᠎ᠠ᠃ | ︵ᠭᠤᠷᠪᠠ︶ ᠦᠨᠳᠦᠰᠦᠨ ᠨᠤᠲᠤᠭ ᠪᠡᠯᠴᠢᠭᠡᠷ ᠢ ᠨᠥᠬᠦᠨ ᠬᠤᠪᠢᠶᠠᠷᠢᠯᠠᠬᠤ ᠪᠠᠷ ᠳᠡᠮᠵᠢᠨ᠂ ᠦᠨᠳᠦᠰᠦᠨ | ᠨᠤᠲᠤᠭ ᠪᠡᠯᠴᠢᠭᠡᠷ ᠤᠨ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠳᠦᠷᠢᠮ ᠢ | ᠨᠠᠶᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠪᠠᠭᠠᠰᠬᠠᠬᠤ ᠦᠭᠡᠢ᠂ ᠵᠡᠷᠭᠡ ᠳᠡᠰ ᠢ | ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠨᠤᠲᠤᠭ ᠪᠡᠯᠴᠢᠭᠡᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ | ᠬᠤᠷᠸ᠎ᠠ ᠲᠣᠬᠢᠷᠠᠭᠤᠯᠤᠯ ᠡᠵᠡᠮᠳᠡᠯ ᠢ ᠪᠡᠶᠡᠯᠡᠭᠦᠯᠵᠦ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠦᠷᠭᠦᠯᠵᠢᠯᠡᠨ | ᠵᠣᠬᠢᠴᠠᠩᠭᠤᠢ ᠪᠠᠷ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠭᠤᠷᠪᠠ᠂ ᠦᠨᠳᠦᠰᠦᠨ ᠨᠤᠲᠤᠭ ᠪᠡᠯᠴᠢᠭᠡᠷ ᠤᠨ ᠡᠵᠡᠯᠡᠬᠦ ᠨᠥᠬᠦᠪᠦᠷᠢᠯᠡᠬᠦ ᠪᠠᠶᠢᠴᠠᠭᠠᠯᠲᠠ | ᠡᠵᠡᠯᠡᠨ ᠨᠥᠬᠦᠪᠦᠷᠢᠯᠡᠬᠦ ᠣᠷᠣᠨ ᠪᠦᠰᠡ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠨ᠎ᠡ᠂ ᠡᠭᠦᠨ ᠳᠤ | ᠭᠠᠳᠠᠭᠠᠳᠤ ᠠᠵᠢᠯ ᠲᠦᠷᠦᠯ ᠤᠨ ᠪᠠᠶᠢᠴᠠᠭᠠᠯᠲᠠ ᠪᠠ ᠳᠣᠲᠣᠭᠠᠳᠤ ᠠᠵᠢᠯ ᠲᠦᠷᠦᠯ ᠤᠨ ᠬᠠᠷᠢᠴᠠᠭᠤᠯᠤᠯ ᠵᠠᠳᠠᠯᠤᠯᠲᠠ | ᠪᠠᠭᠲᠠᠨ᠎ᠠ᠂ ᠪᠠᠶᠢᠴᠠᠭᠠᠯᠲᠠ ᠳᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠭᠠᠳᠠᠭᠠᠳᠤ ᠦᠢᠯᠡᠰ ᠤᠨ ᠪᠠᠶᠢᠴᠠᠭᠠᠯᠲᠠ᠃ ᠪᠣᠳᠠᠲᠠᠢ ᠭᠠᠵᠠᠷ ᠲᠤᠨᠢ ᠬᠦᠷᠴᠦ ᠬᠡᠮᠵᠢᠨ᠂ | ᠨᠥᠬᠦᠪᠦᠷᠢᠯᠡᠬᠦ ᠣᠷᠣᠨ ᠪᠦᠰᠡ ᠳᠤ ᠳᠥᠷᠪᠡᠨ ᠵᠠᠬ᠎ᠠ ᠶᠢᠨ ᠬᠢᠵᠠᠭᠠᠷ ᠤᠨ ᠸᠧᠺᠲ᠋ᠣᠷ ᠲᠤᠭ᠎ᠠ ᠪᠠᠷᠢᠮᠲᠠ ᠶᠢ | ᠪᠦᠷᠢᠯᠳᠦᠭᠦᠯᠦᠨ᠎ᠡ᠃ ᠡᠵᠡᠯᠡᠨ ᠨᠥᠬᠦᠪᠦᠷᠢᠯᠡᠬᠦ ᠣᠷᠣᠨ ᠪᠦᠰᠡ ᠶᠢᠨ ᠨᠤᠲᠤᠭ ᠪᠡᠯᠴᠢᠭᠡᠷ ᠤᠨ ᠲᠥᠷᠥᠯ ᠬᠡᠯᠪᠡᠷᠢ᠂ | ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠥᠨᠳᠥᠷ ᠤᠨ ᠬᠡᠮᠵᠢᠶ᠎ᠡ᠂ ᠭᠠᠷᠤᠯᠲᠠ ᠶᠢᠨ ᠬᠡᠮᠵᠢᠶ᠎ᠡ ᠪᠠ ᠭᠤᠣᠯ | ᠪᠣᠯᠬᠤ ᠤᠷᠭᠤᠮᠠᠯ ᠤᠨ ᠲᠥᠷᠥᠯ ᠵᠦᠢᠯ ᠵᠡᠷᠭᠡ ᠦᠨᠳᠦᠰᠦᠨ ᠠᠮᠢ ᠠᠬᠤᠢ ᠶᠢᠨ ᠪᠠᠶᠢᠳᠠᠯ ᠢ ᠲᠤᠬᠠᠢ ᠶᠢᠨ ᠭᠠᠵᠠᠷ | ᠲᠤᠨᠢ ᠬᠢᠨᠠᠨ ᠬᠡᠮᠵᠢᠨ᠎ᠡ᠃ | ︵ᠬᠤᠶᠠᠷ︶ ᠳᠣᠲᠣᠭᠠᠳᠤ ᠦᠢᠯᠡᠰ ᠤᠨ ᠬᠠᠷᠢᠴᠠᠭᠤᠯᠤᠯ᠃ ᠡᠵᠡᠯᠡᠨ ᠨᠥᠬᠦᠪᠦᠷᠢᠯᠡᠭᠰᠡᠨ ᠣᠷᠣᠨ ᠪᠦᠰᠡ ᠶᠢᠨ | ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠴᠠᠭᠤᠯᠤᠨ ᠵᠠᠳᠠᠯᠵᠤ᠂ ᠬᠡᠰᠡᠭ ᠭᠠᠵᠠᠷ ᠤᠨ ᠵᠢᠷᠤᠭ᠂ ᠭᠠᠵᠠᠷ ᠵᠦᠢ ᠶᠢᠨ | ᠪᠠᠶᠢᠷᠢᠰᠢᠯ ᠤᠨ ᠵᠢᠷᠤᠭ᠂ ᠴᠢᠭᠯᠡᠯᠲᠦ ᠬᠡᠮᠵᠢᠭᠳᠡᠬᠦᠨ ᠤ ᠲᠤᠭ᠎ᠠ ᠪᠠᠷᠢᠮᠲᠠ ᠶᠢ ᠵᠣᠬᠢᠶᠠᠵᠤ᠂ ᠲᠤᠬᠠᠢ ᠶᠢᠨ ᠲᠠᠯᠠᠪᠤᠷ ᠢ | ᠡᠮᠬᠢᠯᠡᠨ ᠬᠡᠷᠡᠯ ᠵᠢᠷᠤᠭ ᠰᠡᠭᠦᠳᠡᠷᠯᠡᠨ᠂ ︽ᠦᠨᠳᠦᠰᠦᠨ ᠨᠤᠲᠤᠭ ᠪᠡᠯᠴᠢᠭᠡᠷ ᠢ ᠡᠵᠡᠯᠡᠨ ᠨᠥᠬᠦᠪᠦᠷᠢᠯᠡᠬᠦ ᠶᠢ | ᠲᠡᠩᠴᠡᠭᠦᠷᠢ ᠲᠠᠢ ᠪᠠᠶᠢᠯᠭᠠᠬᠤ ᠪᠠᠶᠢᠴᠠᠭᠠᠯᠲᠠ ᠶᠢᠨ ᠬᠦᠰᠦᠨᠦᠭᠲᠦ︾ ᠶᠢ ᠵᠣᠬᠢᠶᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠦᠨᠳᠦᠰᠦᠨ ᠨᠤᠲᠤᠭ ᠪᠡᠯᠴᠢᠭᠡᠷ ᠤᠨ ᠨᠥᠬᠦᠨ ᠬᠤᠪᠢᠶᠠᠷᠢᠯᠠᠬᠤ ᠬᠦᠷᠢᠶ᠎ᠡ ᠬᠡᠪᠴᠢᠶ᠎ᠡ ᠶᠢ ᠵᠦᠢ | ᠵᠣᠬᠢᠰᠲᠠᠢ ᠵᠠᠭᠠᠭᠯᠠᠨ ᠲᠣᠭᠲᠠᠭᠠᠨ᠎ᠠ᠃ ᠦᠨᠳᠦᠰᠦᠨ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ | ᠪᠦᠷᠢᠨ ᠪᠦᠲᠦᠨ ᠴᠢᠨᠠᠷ ᠪᠠ ᠬᠤᠯᠪᠣᠯᠳᠤᠨ ᠨᠡᠪᠲᠡᠷᠡᠬᠦ ᠴᠢᠨᠠᠷ ᠢ ᠦᠨᠡᠨᠬᠦ ᠪᠠᠲᠤᠯᠠᠵᠤ᠂ ᠡᠩ ᠤᠨ ᠨᠤᠲᠤᠭ | ᠪᠡᠯᠴᠢᠭᠡᠷ ᠤᠨ ᠳᠣᠲᠣᠷᠠᠬᠢ ᠡᠵᠡᠯᠡᠨ ᠬᠡᠷᠡᠭᠯᠡᠬᠦ ᠣᠷᠣᠨ ᠪᠦᠰᠡ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠪᠠᠶᠢᠳᠠᠯ ᠯᠤᠭ᠎ᠠ ᠣᠶᠢᠷᠠᠯᠴᠠᠭ᠎ᠠ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠰᠣᠩᠭᠤᠨ | ᠨᠦᠬᠦᠨ ᠬᠤᠪᠢᠶᠠᠷᠢᠯᠠᠬᠤ ᠣᠷᠣᠨ ᠪᠦᠰᠡ ᠪᠣᠯᠭᠠᠵᠤ᠂ ᠨᠦᠬᠦᠨ ᠬᠤᠪᠢᠶᠠᠷᠢᠯᠠᠬᠤ ᠣᠷᠣᠨ ᠪᠦᠰᠡ ᠨᠢ 500 | ᠮᠦ ᠠᠴᠠ ᠳᠤᠲᠠᠭᠤ ᠪᠠᠶᠢᠪᠠᠯ᠂ ᠦᠨᠳᠦᠰᠦᠨ ᠨᠤᠲᠤᠭ ᠪᠡᠯᠴᠢᠭᠡᠷ ᠯᠦᠭᠡ ᠬᠤᠯᠪᠣᠯᠳᠤᠨ ᠨᠡᠪᠲᠡᠷᠡᠯᠴᠡᠬᠦ ᠣᠷᠣᠨ | ᠪᠦᠰᠡ ᠶᠢ ᠰᠣᠩᠭᠤᠨ ᠨᠦᠬᠦᠨ ᠬᠤᠪᠢᠶᠠᠷᠢᠯᠠᠵᠤ᠂ ᠣᠯᠠᠨ ᠲᠥᠷᠥᠯ ᠵᠦᠢᠯ ᠢ ᠨᠡᠶᠢᠯᠡᠭᠦᠯᠦᠭᠰᠡᠨ ᠣᠷᠣᠨ ᠪᠦᠰᠡ ᠳᠤ | ᠨᠦᠬᠦᠨ ᠬᠤᠪᠢᠶᠠᠷᠢᠯᠠᠵᠤ ᠪᠣᠯᠣᠨ᠎ᠠ᠃ | ︵ᠬᠤᠶᠠᠷ︶ ᠪᠣᠳᠠᠲᠠᠢ ᠲᠠᠢ ᠪᠠᠨ ᠤᠶᠠᠯᠳᠤᠭᠤᠯᠤᠨ᠂ ᠨᠦᠬᠦᠨ ᠬᠤᠪᠢᠶᠠᠷᠢᠯᠠᠬᠤ ᠴᠠᠭ ᠤᠨ ᠬᠢᠵᠠᠭᠠᠷ ᠢ ᠵᠦᠢ | ᠵᠣᠬᠢᠰᠲᠠᠢ ᠲᠣᠭᠲᠠᠭᠠᠨ᠎ᠠ᠃ ᠲᠥᠷᠥᠯ ᠵᠦᠢᠯ ᠤᠨ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠭᠡᠷ ᠤᠨ | ᠪᠠᠶᠢᠳᠠᠯ ᠢ ᠦᠨᠳᠦᠰᠦᠯᠡᠨ ᠤᠯᠠᠷᠢᠯ ᠢᠶᠠᠷ ᠨᠥᠬᠦᠪᠦᠷᠢᠯᠡᠨ ᠬᠤᠪᠢᠶᠠᠷᠢᠯᠠᠵᠤ᠂ ᠤᠯᠠᠷᠢᠯ ᠪᠦᠷᠢ ᠶᠢᠨ ᠲᠦᠷᠦᠭᠦᠸ | ᠰᠠᠷ᠎ᠠ ᠶᠢᠨ 15 ᠤ ᠡᠳᠦᠷ ᠠᠴᠠ ᠡᠮᠦᠨ᠎ᠡ ᠲᠤᠬᠠᠢ ᠶᠢᠨ ᠭᠠᠵᠠᠷ ᠤᠨ ᠦᠨᠳᠦᠰᠦᠨ ᠨᠤᠲᠤᠭ ᠪᠡᠯᠴᠢᠭᠡᠷ ᠤᠨ | ᠨᠥᠭᠡᠴᠡ ᠶᠢᠨ ᠣᠷᠣᠨ ᠪᠤᠶᠤ ᠦᠨᠳᠦᠰᠦᠨ ᠪᠤᠰᠤ ᠨᠤᠲᠤᠭ ᠪᠡᠯᠴᠢᠭᠡᠷ ᠠᠴᠠ ᠨᠢᠭᠡ ᠯᠡ ᠤᠳᠠᠭ᠎ᠠ ᠳᠤ ᠨᠥᠬᠦᠪᠦᠷᠢᠯᠡᠬᠦ | ᠵᠡᠷᠭᠡ ᠲᠠᠯᠠᠪᠠᠶ ᠵᠡᠷᠭᠡ ᠳᠡᠰ ᠶᠠᠰᠤ ᠴᠢᠨᠠᠷ ᠲᠠᠢ ᠦᠨᠳᠦᠰᠦᠨ ᠨᠤᠲᠤᠭ ᠪᠡᠯᠴᠢᠭᠡᠷ ᠢ ᠨᠥᠬᠦᠪᠦᠷᠢᠯᠡᠬᠦ ᠬᠡᠷᠡᠭᠲᠡᠢ᠃ | ︵ᠭᠤᠷᠪᠠ︶ ᠪᠠᠷᠢᠮᠵᠢᠶ᠎ᠠ ᠶᠢ ᠪᠠᠷᠢᠮᠲᠠᠯᠠᠨ᠂ ᠲᠡᠦᠬᠡ ᠶᠢᠨ ᠲᠤᠭ᠎ᠠ ᠪᠠᠷᠢᠮᠲᠠ ᠲᠠᠢ ᠵᠣᠯᠭᠠᠭᠤᠯᠬᠤ ᠶᠢ ᠦᠨᠡᠨᠬᠦ | ᠪᠠᠲᠤᠯᠠᠨ᠎ᠠ᠃ ᠨᠥᠬᠦᠪᠦᠷᠢᠯᠡᠨ ᠬᠤᠪᠢᠶᠠᠷᠢᠯᠠᠬᠤ ᠣᠷᠣᠨ ᠪᠦᠰᠡ ᠶᠢᠨ ᠬᠠᠷᠢᠶᠠᠲᠤ ᠴᠢᠨᠠᠷ ᠬᠢᠭᠡᠳ ᠤᠤᠯ ᠤᠨ | ᠬᠤᠪᠢᠶᠠᠷᠢᠯᠠᠨ ᠲᠣᠭᠲᠠᠭᠠᠭᠰᠠᠨ ᠱᠠᠭᠠᠷᠳᠠᠯᠭ᠎ᠠ ᠨᠢ ᠨᠢᠭᠡᠳᠦᠯᠲᠡᠢ ᠪᠠᠶᠢᠵᠤ᠂ ᠳ᠋ᠠᠶᠢᠲ᠋ᠠ ᠶᠢᠨ ᠬᠥᠮᠥᠷᠭᠡ ᠶᠢ | ᠪᠦᠷᠢᠯᠳᠦᠭᠦᠯᠦᠨ᠂ ᠦᠨᠳᠦᠰᠦᠨ ᠨᠤᠲᠤᠭ ᠪᠡᠯᠴᠢᠭᠡᠷ ᠤᠨ ᠨᠠᠷᠢᠯᠢᠭ ᠣᠨᠣᠴᠠᠲᠠᠢ ᠪᠠᠷ ᠬᠠᠮᠢᠶᠠᠷᠬᠤ ᠶᠢ ᠪᠡᠶᠡᠯᠡᠭᠦᠯᠦᠨ᠎ᠡ᠃ | | | | | | | |