ᠪᠠᠷᠠᠭᠤᠨ ᠦᠵᠦᠮᠦᠴᠢᠨ ᠬᠤᠰᠢᠭᠤ ᠪᠣᠬᠢᠷᠲᠤᠯ ᠦᠭᠡᠢ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠴᠣᠭᠴᠠᠯᠠᠨ᠎ᠠ
ᠨᠡᠶᠢᠲᠡᠯᠡᠭᠰᠡᠨ ᠴᠠᠭ᠄
2024/11/15
    ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠂ ᠠᠵᠤ ᠦᠢᠯᠡᠳᠪᠦᠷᠢ ᠶᠢᠨ  ᠣᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ ᠠᠬᠢᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃     ᠪᠠᠶᠠᠨᠬᠤᠸᠠ ᠬᠠᠢ ᠵᠧᠦ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ2021 ᠣᠨ ᠠᠴᠠ 2023 ᠣᠨ ᠪᠣᠯᠲᠠᠯ᠎ᠠ᠂ ᠤᠷᠢᠳ ᠬᠤᠵᠢᠳ 3.16 ᠳ᠋ᠦᠩᠰᠢᠭᠤᠷ ᠲᠥᠭᠦᠷᠢᠭ  ᠵᠠᠷᠤᠴᠠᠭᠤᠯᠤᠨ᠂ ᠣᠶᠤᠨᠴᠢᠯᠠᠭᠰᠠᠨ ᠮᠡᠷᠭᠡᠵᠢᠯ ᠪᠣᠯᠣᠨ ᠨᠡᠭᠦᠷᠡᠰᠦᠨ ᠤ ᠦᠢᠯᠡᠳᠪᠦᠷᠢᠯᠡᠯ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ 2024 ᠣᠨ ᠳᠤ 1.06 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠶᠢᠷ᠎ᠠ ᠳᠤ᠂ ᠲᠣᠰ ᠬᠤᠳᠳᠤᠭ ᠤᠨ ᠦᠢᠯᠡᠳᠪᠦᠷᠢ ᠠᠭᠤᠷᠬᠠᠢ ᠨᠢ I ᠲᠥᠷᠥᠯ ᠤᠨ ᠳᠤᠮᠳᠠ ᠵᠡᠷᠭᠡ ᠶᠢᠨ ᠣᠶᠤᠨᠴᠢᠯᠠᠭᠰᠠᠨ ᠬᠤᠳᠳᠤᠭ  ᠤᠨ ᠦᠢᠯᠡᠳᠪᠦᠷᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠴᠦ᠂ ᠰᠢᠯᠭᠠᠨ ᠬᠦᠯᠢᠶᠡᠵᠦ ᠠᠪᠬᠤ ᠶᠢ ᠥᠩᠭᠡᠷᠡᠭᠡᠭᠰᠡᠨ ᠪᠠᠶᠢᠨ᠎ᠠ᠃     ᠲᠤᠰ ᠺᠣᠮᠫᠠᠨᠢ ᠶᠢᠨ ᠬᠤᠳᠳᠤᠭ ᠳᠣᠣᠷᠠᠬᠢ ᠦᠢᠯᠡᠳᠪᠦᠷᠢᠯᠡᠯ ᠤᠨ ᠣᠷᠴᠢᠨ ᠲᠣᠭᠤᠷᠢᠨ ᠨᠢ  ᠴᠡᠪᠡᠷ ᠲᠣᠬᠢᠯᠢᠭ᠂ ᠰᠠᠯᠬᠢ ᠨᠡᠪᠲᠡᠷᠡᠬᠦ ᠨᠢ ᠰᠠᠶᠢᠨ ᠪᠠᠶᠢᠵᠤ᠂ 220 ᠮᠧᠲᠷ ᠤᠨ ᠭᠦᠨ ᠳᠤ ᠴᠤ  5G ᠶᠢᠨ ᠭᠠᠷ ᠤᠲᠠᠰᠤᠨ ᠤ ᠳᠣᠬᠢᠶ᠎ᠠ ᠪᠠ 5 ᠲᠦᠮᠡᠨ ᠮᠧᠭ᠎ᠠ ᠶᠢᠨ ᠥᠷᠭᠡᠨ ᠪᠦᠰᠡᠲᠦ ᠰᠦᠯᠵᠢᠶ᠎ᠡ ᠲᠠᠢ ᠪᠠᠶᠢᠵᠤ᠂ ᠮᠡᠳᠡᠭᠡ ᠵᠠᠩᠭᠢ ᠳᠠᠮᠵᠢᠭᠤᠯᠬᠤ᠂  ᠠᠶᠤᠯᠭᠦᠢ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠡᠵᠡᠮᠳᠡᠯ᠂ ᠬᠢᠨᠠᠨ ᠪᠠᠶᠢᠴᠠᠭᠠᠵᠤ ᠡᠵᠡᠮᠳᠡᠬᠦ ᠵᠡᠷᠭᠡ ᠳᠤ ᠰᠢᠯᠢᠳᠡᠭ ᠰᠠᠶᠢᠨ ᠮᠡᠳᠡᠭᠡ ᠵᠠᠩᠭᠢᠴᠢᠯᠠᠯᠲᠠ ᠶᠢᠨ ᠨᠦᠭᠦᠴᠡᠯ ᠢ ᠬᠠᠩᠭᠠᠭᠰᠠᠨ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ  ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠮᠠᠨ ᠤ ᠬᠤᠰᠢᠭᠤ ︽ᠪᠠᠷᠠᠭᠤᠨ ᠦᠵᠦᠮᠦᠴᠢᠨ ᠬᠤᠰᠢᠭᠤᠨ ᠤ ᠨᠡᠭᠦᠷᠡᠰᠦᠨ ᠠᠭᠤᠷᠬᠠᠢ ᠶᠢᠨ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠥᠰᠥᠯ ︵ᠡᠬᠡ ᠨᠣᠣᠷᠠᠭ︶︾᠂ ︽ᠪᠥᠬᠦ ᠬᠤᠰᠢᠭᠤᠨ ᠤ ᠠᠭᠤᠷᠬᠠᠢ ᠶᠢᠨ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠢᠮᠳᠠᠭᠤᠯᠤᠨ ᠭᠦᠢᠴᠡᠳᠬᠡᠬᠦ ᠵᠢᠴᠢ ᠪᠣᠯᠵᠣᠨ ᠶᠠᠷᠢᠯᠴᠠᠬᠤ ᠲᠣᠭᠲᠠᠴᠠ︾ ᠶᠢ ᠲᠣᠭᠲᠠᠭᠠᠪᠠ᠃ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠠᠷᠠᠭ ᠪᠦᠷᠢ ᠠᠵᠤ ᠠᠬᠤᠶᠢᠯᠠᠯ ᠤᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ  ᠳᠤᠨᠢ ᠰᠢᠢᠳᠪᠦᠷᠢᠯᠡᠵᠦ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ ᠪᠣᠢ᠃     ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ ᠪᠣᠯ ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠨ᠃ 2019 ᠣᠨ ᠤ ᠡᠬᠢᠨ ᠳᠤ᠂ ᠵᠢᠩ ᠨᠧᠩ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠡᠭᠦᠳᠦᠭᠰᠡᠨ ᠬᠦᠷᠡᠩ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ᠂ ︽ᠴᠠᠬᠢᠯᠭᠠᠨ ᠪᠠ ᠤᠰᠤ ᠶᠢ ᠵᠡᠷᠭᠡᠪᠡᠷ ᠦᠢᠯᠡᠳᠪᠦᠷᠢᠯᠡᠬᠦ︾ ᠮᠡᠷᠭᠡᠵᠢᠯ ᠨᠢ ᠨᠡᠭᠦᠷᠡᠰᠦ ᠡᠯᠪᠡᠭ ᠤᠰᠤ ᠳᠤᠲᠠᠮᠠᠭ ᠭᠠᠵᠠᠷ ᠣᠷᠣᠨ ᠤ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠤᠰᠤ ᠳᠤᠲᠠᠭᠳᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠲᠥᠰᠥᠯ ᠢ ᠬᠠᠶᠢᠨ ᠰᠦᠪᠡᠭᠴᠢᠯᠡᠵᠦ᠂ ᠠᠷᠢᠭᠤᠨ ᠴᠡᠪᠡᠷ ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ ᠢ ᠨᠡᠭᠡᠭᠡᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠣᠷᠴᠢᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠳᠤ ᠬᠡᠷᠡᠭᠯᠡᠭᠳᠡᠵᠦ᠂ ᠰᠢᠨ᠎ᠡ ᠴᠠᠭ ᠦᠶ᠎ᠡ ᠶᠢᠨ ᠠᠵᠤ ᠦᠢᠯᠡᠳᠪᠦᠷᠢ ᠬᠢᠭᠡᠳ ᠲᠠᠷᠢᠶᠠᠯᠠᠩ ᠤᠨ ᠣᠷᠴᠢᠯ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠵᠢᠭᠦᠯᠵᠦ ᠪᠣᠯᠬᠤᠶᠢᠴᠠ ᠵᠢᠱᠢᠶ᠎ᠡ ᠪᠣᠯᠤᠭᠰᠠᠨ ᠪᠠᠶᠢᠨ᠎ᠠ᠃     ᠵᠢᠩ ᠨᠧᠩ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠾᠧ ᠰᠢᠶᠦ᠋ᠩ ᠸᠧᠢ ᠲᠠᠨᠢᠯᠴᠠᠭᠤᠯᠬᠤ ᠳᠠᠭᠠᠨ᠄ ︽ᠮᠠᠨ ᠤ ᠺᠣᠮᠫᠠᠨᠢ ᠤᠰᠤᠨ ᠤ ᠡᠬᠢ ᠪᠠᠶᠠᠯᠢᠭ ᠳᠤᠲᠠᠮᠠᠭ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂ 660MW ᠲᠠᠰ ᠤᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠤᠲᠤᠭ᠎ᠠ ᠪᠠᠷ ᠤᠰᠤ ᠲᠠᠲᠠᠬᠤ ᠮᠡᠷᠭᠡᠵᠢᠯ ᠢ ᠠᠩᠬ᠎ᠠ ᠰᠤᠳᠤᠯᠤᠨ ᠨᠡᠭᠡᠭᠡᠵᠦ᠂ ᠵᠢᠯ ᠤᠨ ᠤᠰᠤ ᠲᠠᠲᠠᠬᠤ ᠬᠡᠮᠵᠢᠶ᠎ᠡ ᠨᠢ 150 ᠭᠠᠷᠤᠢ ᠲᠦᠮᠡᠨ ᠲᠣᠨ ᠳᠤ ᠬᠦᠷᠴᠦ᠂ ᠡᠨᠡ ᠨᠢ ᠲᠦᠮᠡᠨ ᠡᠷᠦᠬᠡ ᠶᠢᠨ ᠵᠢᠯ ᠤᠨ ᠭᠡᠷ ᠪᠦᠯᠢ ᠶᠢᠨ ᠤᠰᠤ ᠬᠡᠷᠡᠭᠯᠡᠬᠦ ᠬᠡᠮᠵᠢᠶ᠎ᠡ ᠲᠠᠢ ᠲᠡᠩᠴᠡᠨ᠎ᠡ᠂ ᠭᠠᠷᠭᠠᠭᠰᠠᠨ ᠤᠰᠤ ᠨᠢ ᠵᠢᠯ ᠪᠦᠷᠢ ᠶᠢᠨ 110 ᠲᠦᠮᠡᠨ ᠲᠣᠨ ᠤ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠬᠠᠩᠭᠠᠵᠤ ᠳᠡᠶᠢᠯᠬᠦ ᠪᠠᠷ ᠪᠠᠷᠠᠬᠤ ᠦᠭᠡᠢ᠂ ᠪᠠᠰᠠ ᠵᠢᠯ ᠪᠦᠷᠢ ᠶᠢᠨ 7 ᠲᠦᠮᠡᠨ ᠲᠣᠨ ᠤ ᠠᠮᠢᠳᠤᠷᠠᠯ ᠳᠤ ᠬᠡᠷᠡᠭᠯᠡᠬᠦ ᠤᠰᠤ ᠪᠣᠯᠣᠨ ᠦᠢᠯᠡᠳᠪᠦᠷᠢ ᠶᠢᠨ ᠲᠣᠭᠤᠷᠢᠭ ᠤᠨ ᠢᠳᠡᠰᠢᠨ ᠨᠣᠭᠤᠭ᠎ᠠ ᠶᠢᠨ ᠤᠰᠤᠯᠠᠯᠲᠠ ᠵᠢᠴᠢ ᠦᠢᠯᠡᠳᠪᠦᠷᠢ ᠶᠢᠨ ᠲᠣᠭᠤᠷᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠶᠢ ᠬᠠᠩᠭᠠᠵᠤ ᠳᠡᠶᠢᠯᠦᠨ᠎ᠡ︾ ᠭᠡᠵᠡᠢ᠃    ᠰᠢᠯᠢ ᠶᠢᠨ ᠭᠤᠣᠯ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶᠠᠨ ᠤ ᠬᠠᠩᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠳᠣᠬᠠᠨ ᠳᠤ ᠪᠥᠬᠦ ᠠᠶᠢᠮᠠᠭ ᠤᠨ ᠢᠯᠴᠢ ᠶᠢᠨ ᠴᠠᠬᠢᠯᠭᠠᠨ ᠪᠠ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ 8 ᠠᠵᠤ ᠠᠬᠤᠶᠢᠯᠠᠯ ᠲᠣᠰ ᠮᠡᠷᠭᠡᠵᠢᠯ ᠢ ᠬᠡᠷᠡᠭᠯᠡᠵᠦ᠂ ᠪᠥᠬᠦ ᠵᠢᠯ ᠤᠨ ᠤᠲᠤᠭ᠎ᠠ ᠪᠠᠷ ᠣᠰᠣ ᠲᠠᠲᠠᠬᠤ  ᠬᠡᠮᠵᠢᠶ᠎ᠡ ᠨᠢ 660 ᠭᠠᠷᠤᠢ ᠲᠦᠮᠡᠨ ᠲᠣᠨ ᠳᠤ ᠬᠦᠷᠭᠡᠵᠦ ᠪᠠᠶᠢᠨ᠎ᠠ    ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠪᠣᠬᠢᠷᠲᠤᠯ ᠦᠭᠡᠢ  ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯᠲᠤ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠵᠤ ᠠᠬᠤᠢ ᠶᠢᠨ ᠴᠢᠨᠠᠷ ᠰᠠᠶᠢᠲᠠᠢ ᠨᠡᠮᠡᠭᠳᠡᠯ  ᠢᠶᠠᠷ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠲᠠᠶᠢᠴᠢᠯᠠᠵᠠᠢ᠃     ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ  ᠢ ᠪᠦᠲᠦᠭᠡᠨ ᠪᠠᠶᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠣᠯ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠴᠢᠬᠤᠯᠠ ᠠᠭᠤᠯᠭ᠎ᠠ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤ ᠨᠢ ᠪᠡᠷᠬᠡ ᠶᠢ ᠲᠤᠭᠤᠯᠤᠨ ᠬᠦᠴᠢᠷ ᠢ ᠳᠠᠪᠠᠭ᠋ᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠴᠢᠭᠯᠡᠯ ᠪᠣᠯᠭᠠᠨ᠂ ᠭᠤᠶᠢᠪᠢᠰᠢ ᠦᠭᠡᠢ ᠤᠷᠤᠭᠰᠢᠯᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ ᠠᠮᠵᠢᠯᠲᠠ ᠭᠠᠷᠭᠠᠭᠰᠠᠨ ᠪᠠᠶᠢᠨ᠎ᠠ᠃      ᠪᠠᠶᠠᠨᠬᠤᠸᠠ ᠬᠠᠢ ᠵᠧᠦ  ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠬᠤᠳᠳᠤᠭ ᠤᠨ ᠦᠢᠯᠡᠳᠪᠦᠷᠢ ᠠᠭᠤᠷᠬᠠᠢ ᠶᠢᠨ ᠣᠶᠣᠨᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢ   ᠸᠠᠩ ᠯᠢ ᠳ᠋ᠦᠩ᠄ ︽ᠮᠠᠨ ᠤ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠦᠢᠯᠡᠳᠪᠦᠷᠢ 2021 ᠣᠨ   ᠠᠴᠠ ᠡᠬᠢᠯᠡᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠡᠢ᠃ ᠮᠠᠨ ᠤ ᠬᠤᠳᠳᠤᠭ ᠳᠣᠣᠷᠠᠬᠢ ᠭᠤᠣᠯ ᠲᠠᠯᠠᠪᠤᠷ ᠲᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠭᠰᠡᠨ ᠪᠥᠭᠡᠳ 5G ᠰᠦᠯᠵᠢᠶ᠎ᠡ ᠳᠤ ᠲᠦᠰᠢᠭᠯᠡᠨ  ᠣᠶᠤᠨᠴᠢᠯᠠᠭᠰᠠᠨ ᠮᠠᠯᠲᠠᠯᠲᠠ ᠶᠢᠨ ᠠᠵᠢᠯ ᠤᠨ ᠭᠠᠳᠠᠷᠭᠤ᠂ ᠬᠠᠮᠢᠶᠠᠷᠤᠨ ᠡᠵᠡᠮᠳᠡᠬᠦ ᠰᠢᠰᠲ᠋ᠧᠮ᠂ ᠬᠤᠳᠳᠤᠭ ᠳᠣᠣᠷᠠᠬᠢ ᠴᠠᠬᠢᠯᠭᠠᠨ ᠬᠠᠩᠭᠠᠬᠤ ᠰᠢᠰᠲ᠋ᠧᠮ᠂ ᠣᠶᠤᠨᠴᠢᠯᠠᠭᠰᠠᠨ ᠤᠰᠤ ᠵᠠᠯᠠᠬᠤ ᠰᠢᠰᠲ᠋ᠧᠮ ᠵᠡᠷᠭᠡ ᠠᠷᠪᠠᠨ ᠬᠡᠳᠦᠨ ᠣᠶᠤᠨᠴᠢᠯᠠᠭᠰᠠᠨ ᠵᠦᠢᠯᠡᠰ ᠢ ᠪᠠᠶᠢᠭᠤᠯᠪᠠ. ᠮᠠᠰᠢᠨᠴᠢᠯᠠᠯᠲᠠ ᠪᠠᠷ ᠬᠠᠷᠠᠯᠲᠠ ᠶᠢ  ᠪᠡᠶᠡᠯᠡᠭᠦᠯᠵᠤ ᠂ ᠣᠶᠤᠨᠴᠢᠯᠠᠬᠤ ᠪᠠᠶᠢᠭᠤᠯᠤᠯᠲᠠ ᠵᠣᠬᠢᠬᠤ ᠦᠷ᠎ᠡ ᠪᠦᠲᠦᠮᠵᠢ ᠣᠯᠵᠤ᠂ ᠨᠡᠭᠦᠷᠡᠰᠦᠨ ᠠᠭᠤᠷᠬᠠᠢ ᠶᠢᠨ ᠮᠥᠨ ᠴᠢᠨᠠᠷ ᠤᠨ ᠠᠶᠤᠯᠭᠦᠢ ᠴᠢᠨᠠᠷ ᠤᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ᠃ ᠳᠠᠷᠠᠭ᠎ᠠ ᠠᠯᠬᠤᠮ ᠳᠤ᠂ ᠪᠢᠳᠡ ᠣᠲᠣ ᠪᠠᠶᠢᠭ᠎ᠠ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ ᠠᠬᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠯ᠎ᠡ᠃               ᠵᠢᠩ ᠨᠧᠩ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ   ᠾᠧ ᠰᠢᠶᠦ᠋ᠩ ᠸᠧᠢ᠄ ︽ᠪᠢᠳᠡᠨ ᠤ ᠤᠲᠤᠭᠠᠨ ᠤ ᠤᠰᠤ ᠲᠠᠲᠠᠬᠤ ᠮᠡᠷᠭᠡᠵᠢᠯ ᠪᠣᠯ ᠬᠦᠬᠦᠷ ᠦᠭᠡᠶᠢᠳᠡᠭᠦᠯᠬᠦ ᠰᠢᠰᠲ᠋ᠧᠮ ᠪᠣᠯᠣᠨ ᠥᠨᠳᠥᠷ ᠠᠰᠢᠭᠯᠠᠮᠵᠢ ᠲᠠᠢ ᠴᠠᠷᠴᠠᠭᠠᠯᠲᠠ ᠶᠢ ᠨᠢᠭᠡ ᠴᠣᠭᠴᠠᠵᠢᠭᠤᠯᠬᠤ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠᠷ ᠳᠠᠮᠵᠢᠨ᠂ ᠬᠦᠬᠦᠷ ᠦᠭᠡᠶᠢᠳᠡᠭᠦᠯᠬᠦ ᠰᠤᠪᠤᠷᠭ᠎ᠠ ᠪᠣᠯᠣᠨ ᠥᠨᠳᠥᠷ ᠠᠰᠢᠭᠯᠠᠮᠵᠢ ᠲᠠᠢ ᠴᠠᠷᠴᠠᠭᠠᠯᠲᠠ ᠶᠢᠨ ᠰᠤᠪᠤᠷᠭ᠎ᠠ ᠶᠢ ᠨᠡᠶᠢᠯᠡᠭᠦᠯᠦᠨ᠂ ᠬᠦᠷᠡᠩ ᠨᠡᠭᠦᠷᠡᠰᠦᠨ ᠤ ᠰᠢᠲᠠᠭᠰᠠᠨ ᠤ ᠳᠠᠷᠠᠭᠠᠬᠢ ᠤᠲᠤᠭ᠎ᠠ ᠳᠣᠲᠣᠷ᠎ᠠ ᠡᠭᠦᠰᠦᠭᠰᠡᠨ ᠤᠰᠤᠨ ᠠᠭᠤᠷ᠂ ᠪᠣᠳᠠᠰ ᠢ ᠭᠠᠷᠭᠠᠨ ᠠᠪᠬᠤ ᠶᠢ ᠪᠡᠶᠡᠯᠡᠭᠦᠯᠵᠦ᠂ ᠡᠭᠦᠨ ᠤ ᠤᠯᠠᠮ ᠠᠴᠠ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠤᠰᠤ ᠨᠥᠬᠦᠪᠦᠷᠢᠯᠡᠬᠦ ᠦᠭᠡᠢ ᠪᠠᠶᠢᠬᠤ ᠶᠢ ᠪᠡᠶᠡᠯᠡᠭᠦᠯᠪᠡ︾ ᠭᠡᠯ᠎ᠡ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号