ᠪᠠᠷᠠᠭᠤᠨ ᠦᠵᠦᠮᠦᠴᠢᠨ ᠬᠤᠰᠢᠭᠤ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/11/18
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃   ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ  ᠨᠠᠶᠢᠷᠠᠭᠤᠯᠬᠤ ᠡᠮᠦᠨᠡᠬᠢ ᠬᠤᠭᠤᠴᠠᠭᠠᠨ ᠤ ᠰᠤᠳᠤᠯᠭᠠᠨ ᠤ ᠠᠵᠢᠯ ᠪᠣᠯ ᠲᠥᠯᠦᠪᠵᠢᠭᠦᠯᠭᠡ ᠶᠢ ᠨᠠᠶᠢᠷᠠᠭᠤᠯᠬᠤ ᠶᠢᠨ ᠴᠢᠬᠤᠯᠠ ᠰᠠᠭᠤᠷᠢ ᠮᠥᠨ᠂ ᠲᠡᠷᠡ ᠨᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢᠨ ᠰᠡᠳᠬᠢᠮᠵᠢ ᠶᠢ ᠲᠥᠯᠥᠪᠯᠡᠨ᠂ ᠠᠵᠢᠯ ᠤᠨ ᠬᠦᠰᠡᠯᠡᠩᠲᠦ ᠴᠢᠨᠠᠷ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠨᠡᠮᠡᠭᠳᠡᠭᠦᠯᠵᠦ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠥᠭᠵᠢᠯᠲᠡ ᠶᠢᠨ ᠳᠠᠪᠠᠭᠤᠯᠢᠭ ᠢ   ᠪᠠᠳᠠᠷᠠᠭᠤᠯᠬᠤ ᠶᠢ ᠬᠥᠲᠥᠯᠥᠨ ᠵᠢᠯᠣᠭᠤᠳᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠲᠠᠢ ᠶᠤᠮ᠃    ᠡᠨᠡ ᠵᠢᠯ ᠠᠴᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠤᠳᠤᠯᠬᠤ ᠪᠠ ᠨᠠᠶᠢᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠤᠰᠠᠳᠠ᠂ ᠪᠠᠷᠠᠭᠤᠨ ᠦᠵᠦᠮᠦᠴᠢᠨ  ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠦᠨᠳᠦᠰᠦᠨ ᠰᠡᠳᠬᠢᠮᠵᠢ ᠶᠢ ᠨᠠᠶᠢᠷᠠᠭᠤᠯᠬᠤ ᠪᠠ ᠡᠯ᠎ᠡ ᠬᠦᠷᠢᠶ᠎ᠡ ᠬᠡᠪᠴᠢᠶᠡᠨ ᠤ ᠡᠮᠦᠨᠡᠬᠢ ᠬᠤᠭᠤᠴᠠᠭᠠᠨ ᠤ ᠰᠤᠳᠤᠯᠭᠠᠨ ᠤ ᠠᠵᠢᠯ ᠢ ᠢᠳᠡᠪᠬᠢᠲᠡᠢ ᠥᠷᠨᠢᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠠᠴᠠ ᠨᠠᠭᠠᠰᠢᠬᠢ ᠬᠥᠭᠵᠢᠯᠲᠡ ᠶᠢᠨ ᠲᠠᠯ᠎ᠠ ᠪᠠᠷ ᠬᠢ ᠭᠤᠣᠯ ᠦᠷ᠎ᠡ ᠪᠦᠲᠦᠮᠵᠢ᠂ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠢ ᠳ᠋ᠦᠩᠨᠡᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠰᠡᠳᠬᠢᠮᠵᠢ᠂ ᠵᠠᠷᠴᠢᠮ ᠪᠠ ᠬᠠᠷᠠᠯᠲᠠ ᠡᠭᠦᠷᠭᠡ ᠵᠡᠷᠭᠡ ᠠᠭᠤᠯᠭ᠎ᠠ ᠶᠢ ᠵᠠᠳᠠᠯᠤᠨ ᠰᠤᠳᠤᠯᠵᠤ ᠮᠠᠭᠠᠳᠯᠠᠨ᠂ ᠢᠷᠡᠭᠡᠳᠦᠢ ᠶᠢᠨ ᠲᠠᠪᠤᠨ ᠵᠢᠯ ᠤᠨ ᠲᠥᠯᠦᠪᠵᠢᠭᠦᠯᠭᠡ ᠳᠤ ᠡᠳᠡᠭᠡᠷ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠬᠢᠭᠤᠯᠵᠤ ᠴᠢᠳᠠᠬᠤ ᠶᠢ ᠪᠠᠲᠤᠯᠠᠬᠤ ᠪᠠᠷ ᠴᠢᠷᠮᠠᠶᠢᠵᠤ ᠪᠣᠢ᠃     ᠵᠠᠯᠭᠠᠭᠠᠳ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠭᠠᠨ ᠤ ᠭᠦᠨᠵᠡᠭᠡᠢ ᠠᠬᠢᠴᠠ ᠶᠢ ᠳᠠᠭᠠᠯᠳᠤᠨ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠴᠢᠭᠯᠡᠯ ᠪᠣᠯᠣᠨ ᠪᠠᠶᠢᠯᠳᠤᠬᠤ ᠪᠣᠳᠣᠯᠭ᠎ᠠ ᠤᠯᠠᠮ ᠲᠣᠳᠣᠷᠬᠠᠢ ᠪᠣᠯᠵᠤ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠦᠷᠭᠦᠯᠵᠢᠯᠡᠨ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠡᠰ᠂ ᠠᠶᠢᠮᠠᠭ ᠤᠨ ᠲᠡᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠷᠢᠭᠤ ᠮᠡᠳᠡᠭᠦᠯᠦᠯᠲᠡ ᠬᠢᠵᠦ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ ᠪᠠᠶᠢᠨ᠎ᠠ᠃ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠮᠢᠶ᠎ᠠ ᠪᠦᠬᠦᠢ ᠬᠠᠷᠠᠯᠲᠠ ᠶᠢᠨ ᠭᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠢᠨᠠᠷ ᠰᠠᠶᠢᠲᠠᠢ ᠣᠷᠣᠨ ᠪᠦᠰᠡ ᠶᠢᠨ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号