ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠨᠥᠬᠦᠪᠦᠷᠢ ᠥᠭᠬᠦ ᠣᠯᠠᠨ ᠵᠦᠢᠯᠡᠰ ᠢ ᠨᠡᠮᠡᠪᠡ
ᠨᠡᠶᠢᠲᠡᠯᠡᠭᠰᠡᠨ ᠴᠠᠭ᠄
2024/11/19
     ᠫᠧᠩ ᠫᠠᠢ ᠰᠣᠨᠢᠨ ᠮᠡᠳᠡᠭᠡᠨ ᠤ 10᠎ ᠤ ᠡᠳᠦᠷ ᠮᠡᠳᠡᠭᠡᠯᠡᠭᠰᠡᠨ ᠢᠶᠠᠷ᠂ ᠱᠠᠩᠬᠠᠢ ᠨᠢ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠰᠠᠶᠢᠬᠠᠨ ᠴᠠᠭ ᠦᠶ᠎ᠡ ᠳᠤ ︽ᠳᠡᠯᠭᠡᠨ ᠦᠵᠡᠭᠦᠯᠬᠦ︾᠎ ᠪᠠᠷ ︽ᠬᠡᠷᠡᠭᠯᠡᠭᠡ︾᠎ ᠶᠢ ᠠᠬᠢᠭᠤᠯᠬᠤ ᠬᠡᠯᠪᠡᠷᠢ ᠪᠠᠷ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠵᠤ ᠪᠠᠶᠢᠨ᠎ᠠ᠃ ︽ᠱᠠᠩᠬᠠᠢ ᠬᠤᠲᠠ ᠶᠢᠨ ᠤᠯᠤᠰ ᠤᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠳᠦᠷᠢᠮ︾ ᠵᠢᠴᠢ ︽ᠱᠠᠩᠬᠠᠢ ᠬᠤᠲᠠ ᠶᠢᠨ ᠪᠣᠬᠢᠷᠲᠤᠯ ᠦᠭᠡᠢ ᠣᠶᠤᠨᠲᠤ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠦᠴᠦᠯᠡᠨ ᠳᠡᠮᠵᠢᠬᠦ ᠨᠠᠷᠢᠨ ᠳᠦᠷᠢᠮ︾ ᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠪᠠᠷ ᠨᠡᠮᠡᠭᠳᠡᠭᠰᠡᠨ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠥᠭᠬᠦ ᠵᠦᠢᠯᠡᠰ ᠪᠠ ᠣᠷᠣᠯᠴᠠᠬᠤ ᠠᠵᠤ ᠠᠬᠤᠶᠢᠯᠠᠯ ᠤᠨ ᠨᠡᠷᠡᠰ ︵ᠳᠥᠷᠪᠡᠳᠦᠭᠡᠷ ᠪᠦᠯᠦᠭ︶᠎ ᠢ ᠵᠠᠷᠯᠠᠨ ᠨᠡᠶᠢᠲᠡᠯᠡᠪᠡ᠂ ᠡᠭᠦᠨ ᠳᠤ ᠴᠠᠬᠢᠯᠭᠠᠨ ᠦᠯᠢᠶᠡᠭᠦᠷ᠂ ᠴᠢᠮᠡᠭᠯᠡᠯ ᠳ᠋ᠧᠩ᠂ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠵᠡᠷᠭᠡ ᠨᠥᠬᠦᠪᠦᠷᠢ ᠥᠭᠬᠦ ᠵᠦᠢᠯᠡᠰ ᠢ ᠰᠢᠨ᠎ᠡ ᠪᠠᠷ ᠨᠡᠮᠡᠵᠡᠢ᠃  
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号