1-10 ᠳ᠋ᠤᠭᠠᠷ ᠰᠠᠷ᠎ᠠ ᠳᠤ ᠮᠠᠨ ᠤ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2024/11/19
    1-10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦᠨ ᠤ ᠭᠠᠷᠤᠯᠲᠠ 10.61 ᠳ᠋ᠦᠩᠰᠢᠭᠤᠷ ᠲᠣᠨ ᠳᠤ ᠬᠦᠷᠴᠦ᠂ ᠶᠡᠷᠦᠩᠬᠡᠢ ᠬᠡᠮᠵᠢᠶ᠎ᠡ ᠨᠢ ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 4.9%᠎ ᠪᠠᠷ ᠨᠡᠮᠡᠭᠳᠡᠪᠡ᠂ ᠡᠭᠦᠨ ᠳᠤ 10 ᠳ᠋ᠤᠭᠠᠷ ᠰᠠᠷ᠎ᠠ ᠳᠤ ᠲᠦᠭᠦᠬᠡᠢ ᠨᠡᠭᠦᠷᠡᠰᠦᠨ ᠤ ᠭᠠᠷᠤᠯᠲᠠ 1.12 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.5%᠎ ᠪᠠᠷ ᠨᠡᠮᠡᠭᠳᠡᠪᠡ᠃ ᠣᠷᠣᠨ ᠤ ᠳᠣᠲᠣᠭᠠᠳᠤᠬᠢ ᠲᠦᠭᠦᠬᠡᠢ ᠨᠡᠭᠦᠷᠡᠰᠦᠨ ᠤ ᠭᠤᠷᠪᠠᠨ ᠲᠣᠮᠣ ᠭᠤᠣᠯ ᠭᠠᠷᠤᠯᠲᠠ ᠶᠢᠨ ᠣᠷᠣᠨ ᠤ ᠳᠣᠲᠣᠷ᠎ᠠ᠂ ᠣᠷᠳᠣᠰ ᠬᠤᠲᠠ ᠶᠢᠨ ᠳᠠᠶᠢᠴᠢᠯᠠᠭᠰᠠᠨ ᠦᠢᠯᠡᠳᠦᠯ ᠨᠢ ᠢᠯᠡᠷᠬᠡᠢ ᠪᠠᠶᠢᠵᠤ᠂ ᠲᠦᠭᠦᠬᠡᠢ ᠨᠡᠭᠦᠷᠡᠰᠦᠨ ᠤ ᠭᠠᠷᠤᠯᠲᠠ 7.29 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠵᠦ᠂ ᠪᠥᠬᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ 68.7%᠎ ᠶᠢ ᠡᠵᠡᠯᠡᠵᠦ᠂ ᠪᠥᠬᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 3.9 ᠵᠠᠭᠤᠨ ᠤ ᠴᠡᠭ ᠢᠶᠠᠷ ᠳᠠᠶᠢᠴᠢᠯᠠᠪᠠ︔ ᠰᠢᠯᠢ ᠶᠢᠨ ᠭᠤᠣᠯ ᠠᠶᠢᠮᠠᠭ ᠤᠨ ᠲᠦᠭᠦᠬᠡᠢ ᠨᠡᠭᠦᠷᠡᠰᠦᠨ ᠤ ᠭᠠᠷᠤᠯᠲᠠ 1.2 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.7%᠎ ᠪᠠᠷ ᠨᠡᠮᠡᠭᠳᠡᠵᠦ᠂ ᠪᠥᠬᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.9 ᠵᠠᠭᠤᠨ ᠤ ᠴᠡᠭ ᠢᠶᠠᠷ ᠳᠠᠶᠢᠴᠢᠯᠠᠪᠠ︔ ᠬᠥᠯᠥᠨ ᠪᠤᠶᠢᠷ ᠬᠤᠲᠠ ᠶᠢᠨ ᠲᠦᠭᠦᠬᠡᠢ ᠨᠡᠭᠦᠷᠡᠰᠦᠨ ᠤ ᠭᠠᠷᠤᠯᠲᠠ 3.4%᠎ ᠪᠠᠷ ᠪᠠᠭᠤᠷᠠᠪᠠ᠂ ᠪᠠᠭᠤᠷᠠᠯᠲᠠ ᠶᠢᠨ ᠬᠡᠮᠵᠢᠶ᠎ᠡ ᠨᠢ 1-9 ᠳ᠋ᠦ᠋ᠭᠡᠷ ᠰᠠᠷ᠎ᠠ ᠶᠢᠨ ᠬᠢ ᠠᠴᠠ 0.3 ᠵᠠᠭᠤᠨ ᠤ ᠴᠡᠭ ᠢᠶᠠᠷ ᠪᠠᠭᠠᠰᠪᠠ᠃ ︵ᠲᠤᠭ᠎ᠠ ᠪᠦᠷᠢᠳᠬᠡᠯ ᠤᠨ ᠲᠣᠪᠴᠢᠶ᠎ᠠ︶
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号