ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠲᠦᠷᠦᠭᠦᠸ ᠭᠤᠷᠪᠠᠨ ᠤᠯᠠᠷᠢᠯ ᠳᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/11/19
    ᠬᠠᠷᠢᠭᠤ ᠲᠤᠰᠬᠠᠭᠰᠠᠨ ᠢ ᠦᠨᠳᠦᠰᠦᠯᠡᠪᠡᠯ᠂ 2024 ᠣᠨ ᠤ ᠲᠦᠷᠦᠭᠦᠸ ᠭᠤᠷᠪᠠᠨ ᠤᠯᠠᠷᠢᠯ ᠳᠤ ᠮᠠᠨ ᠤ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33980 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠪᠡ᠃    ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38392 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 4.6%᠎ ᠪᠠᠷ ᠨᠡᠮᠡᠭᠳᠡᠪᠡ  ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27474 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.5% ᠨᠡᠮᠡᠭᠳᠡᠪᠡ᠃ ᠮᠠᠨ ᠤ ᠬᠤᠰᠢᠭᠤᠨ ᠤ ᠪᠥᠬᠦ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠲᠣᠭᠲᠠᠭᠤᠨ ᠪᠠᠶᠢᠵᠤ᠂ ᠮᠠᠯᠵᠢᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠰᠠᠶᠢᠨ ᠮᠥᠷᠲᠡᠭᠡᠨ ᠮᠠᠯᠵᠢᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠢ ᠠᠴᠠ ᠲᠦᠷᠭᠡᠨ ᠪᠠᠶᠢᠨ᠎ᠠ᠃     ᠬᠡᠷᠡᠭᠯᠡᠭᠡᠨ ᠤ ᠵᠠᠷᠤᠯᠭ᠎ᠠ ᠠᠴᠠ ᠦᠵᠡᠪᠡᠯ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 20380 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5%᠎ ᠎ ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 22226 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2%᠎ ᠢᠶᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 17533 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8%᠎ ᠪᠠᠷ ᠨᠡᠮᠡᠭᠳᠡᠪᠡ᠃ ᠶᠡᠷᠦᠩᠬᠡᠢ ᠳᠤᠨᠢ ᠠᠪᠴᠤ ᠦᠵᠡᠪᠡᠯ᠂ ᠪᠥᠬᠦ ᠰᠠᠭᠤᠭᠠᠯᠢ ᠠᠷᠠᠳ ᠤᠨ ᠬᠡᠷᠡᠭᠯᠡᠭᠡᠨ ᠤ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ ᠂ ᠬᠡᠷᠡᠭᠯᠡᠭᠡᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠡᠭᠦᠨ ᠳᠤ᠂ ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠨᠡᠮᠡᠭᠳᠡᠯ ᠨᠡᠯᠢᠶᠡᠳ ᠲᠣᠪᠣᠶᠢᠮ᠎ᠠ ᠪᠠᠶᠢᠵᠤ᠂ ᠠᠵᠤ ᠠᠬᠤᠢ ᠶᠢᠨ ᠬᠥᠭᠵᠢᠯᠲᠡ ᠪᠣᠯᠣᠨ ᠣᠷᠣᠯᠭ᠎ᠠ ᠶᠢᠨ ᠨᠡᠮᠡᠭᠳᠡᠯ ᠎ ᠯᠦᠭᠡ ᠲᠣᠬᠢᠷᠠᠯᠴᠠᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号