ᠮᠠᠨ ᠤ ᠣᠷᠣᠨ ︽ᠭᠠᠵᠠᠷ ᠰᠢᠷᠣᠢ ᠶᠢᠨ ᠬᠡᠲᠦ ᠳᠡᠯᠭᠡᠭᠦᠷ︾᠎ ᠲᠠᠬᠢ ᠭᠠᠵᠠᠷ ᠰᠢᠷᠣᠢ ᠬᠢᠭᠡᠳ ᠲᠡᠭᠦᠨ ᠤ ᠢᠷᠡᠯᠲᠡ ᠶᠢ ᠲᠡᠭᠦᠯᠳᠡᠷᠵᠢᠭᠦᠯᠵᠦ ᠭᠠᠵᠠᠷ ᠰᠢᠷᠣᠢ ᠶᠢᠨ ᠡᠵᠡᠩᠨᠡᠯᠲᠡ ᠶᠢᠨ ︽ᠰᠠᠶᠢᠨ ᠬᠤᠳᠠᠯᠳᠤᠭ᠎ᠠ︾᠎ ᠶᠢ ᠦᠷᠭᠦᠯᠵᠢᠯᠡᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2024/11/19
   ᠮᠠᠨ ᠤ ᠣᠷᠣᠨ ᠤ ︽ᠭᠠᠵᠠᠷ ᠰᠢᠷᠣᠢ ᠶᠢᠨ ᠬᠡᠲᠦ ᠳᠡᠯᠭᠡᠭᠦᠷ︾᠎ ᠨᠢ ᠲᠥᠪᠯᠡᠷᠡᠩᠭᠦᠢ ᠨᠡᠭᠡᠭᠡᠯᠲᠡᠲᠤ ᠴᠢᠨᠠᠷ ᠲᠠᠢ᠂ ᠢᠯᠡ ᠲᠣᠳᠣ ᠪᠠ ᠰᠦᠢᠳᠬᠡᠯ ᠬᠤᠷᠢᠶᠠᠬᠤ ᠦᠭᠡᠢ ᠪᠠᠷ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠭᠠᠵᠠᠷ ᠰᠢᠷᠣᠢ ᠶᠢᠨ ᠲᠠᠨᠢᠯᠴᠠᠭᠤᠯᠭ᠎ᠠ ᠶᠢᠨ ᠲᠠᠪᠴᠠᠩ ᠪᠣᠯᠤᠭᠰᠠᠨ ᠤ ᠬᠤᠪᠢ ᠳᠤ᠂ ︽ᠲᠥᠷᠥᠯ ᠵᠦᠢᠯ ᠵᠡᠷᠭᠡ ᠶᠢᠨ ᠭᠠᠵᠠᠷ ᠰᠢᠷᠣᠢ︾᠎ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠤᠭᠰᠠᠨ ᠪᠠᠶᠢᠨ᠎ᠠ᠃ ᠣᠳᠣᠬᠠᠨ ᠳᠤ ᠲᠣᠰ ᠲᠠᠪᠴᠠᠩ ᠨᠢ ᠨᠢᠭᠡᠨᠲᠡ ᠭᠠᠵᠠᠷ ᠢ ᠬᠠᠶᠢᠨ ᠯᠠᠪᠯᠠᠵᠤ ᠨᠡᠶᠢᠲᠡᠯᠡᠬᠦ᠂ ᠡᠭᠦᠯᠡᠨ ᠲᠠᠪᠴᠠᠩ ᠢᠶᠠᠷ ᠭᠠᠵᠠᠷ ᠢ ᠣᠶᠢᠯᠠᠭᠠᠬᠤ᠂ ᠰᠦᠯᠵᠢᠶ᠎ᠡ ᠪᠠᠷ ᠵᠥᠪᠯᠡᠯᠭᠡ ᠥᠭᠬᠦ ᠪᠠ ᠰᠠᠨᠠᠭ᠎ᠠ ᠪᠠᠨ ᠢᠯᠡᠳᠬᠡᠵᠦ ᠬᠠᠷᠢᠭᠤ ᠲᠤᠰᠬᠠᠬᠤ ᠵᠡᠷᠭᠡ ᠣᠯᠠᠨ ᠡᠰᠢᠵᠢᠭᠰᠡᠨ ᠴᠢᠳᠠᠮᠵᠢ ᠶᠢ ᠬᠤᠷᠠᠮᠳᠤᠭᠤᠯᠵᠤ᠂ ᠪᠤᠭᠤᠲᠤ ᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ ᠤᠨ ᠥᠪᠡᠰᠦᠪᠡᠨ ᠪᠠᠶᠢᠭᠤᠯᠤᠭᠰᠠᠨ ᠭᠠᠵᠠᠷ ᠰᠢᠷᠣᠢ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠲᠠᠪᠴᠠᠩ ᠯᠤᠭ᠎ᠠ ᠢᠨᠲ᠋ᠧᠷ ᠰᠦᠯᠵᠢᠶ᠎ᠡ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠪᠥᠭᠡᠳ ᠪᠥᠬᠦ ᠣᠷᠣᠨ ᠤ 12 ᠠᠶᠢᠮᠠᠭ ᠬᠤᠲᠠ ᠶᠢᠨ 103 ᠬᠤᠰᠢᠭᠤ ᠰᠢᠶᠠᠨ ︵ᠲᠣᠭᠤᠷᠢᠭ︶᠎ ᠳᠤ ᠬᠠᠮᠢᠶᠠᠷᠤᠯᠲᠠ ᠶᠢᠨ ᠲᠠᠩᠰᠠᠨ ᠨᠣᠮᠧᠷ ᠢᠶᠠᠨ 200 ᠭᠠᠷᠤᠢ ᠬᠤᠪᠢᠶᠠᠷᠢᠯᠠᠵᠠᠢ᠃  10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠤᠨ ᠮᠣᠳᠦ᠋ᠯ ᠬᠡᠰᠡᠭ ᠲᠤ ᠨᠢᠭᠡᠨᠲᠡ 91 ᠴᠡᠪᠡᠷ ᠭᠠᠵᠠᠷ ᠢ ᠠᠮᠵᠢᠯᠲᠠᠲᠠᠢ ᠨᠡᠶᠢᠲᠡᠯᠡᠵᠦ᠂ ᠶᠡᠷᠦᠩᠬᠡᠢ ᠲᠠᠯᠠᠪᠠᠶ ᠨᠢ 7903.96 ᠮᠦ ᠳᠤ ᠬᠦᠷᠪᠡ᠂ ᠡᠭᠦᠨ ᠳᠤ 16 ᠬᠡᠰᠡᠭ᠂ 1197.31 ᠮᠦ ᠭᠠᠵᠠᠷ ᠰᠢᠷᠣᠢ ᠶᠢᠨ ᠠᠷᠠᠯᠵᠢᠶ᠎ᠠ ᠶᠢ ᠭᠦᠢᠴᠡᠳᠬᠡᠨ᠂ ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠮᠥᠩᠭᠦᠨ ᠤ ᠶᠡᠷᠦᠩᠬᠡᠢ ᠲᠤᠭ᠎ᠠ ᠨᠢ 3.17 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠲᠠᠷᠠᠬᠠᠢ ᠪᠤᠲᠠᠷᠬᠠᠢ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠵᠦ ᠨᠡᠶᠢᠯᠡᠭᠦᠯᠦᠭᠰᠡᠨ ᠪᠠ ᠬᠠᠮᠤᠭ ᠤᠨ ᠶᠡᠭᠡ ᠥᠷᠲᠡᠭ ᠲᠤ ᠬᠦᠷᠭᠡᠪᠡ︔ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠮᠣᠳᠦ᠋ᠯ ᠬᠡᠰᠡᠭ ᠢᠶᠠᠷ ᠨᠢᠭᠡᠨᠲᠡ ᠪᠥᠬᠦ ᠣᠷᠣᠨ ᠤ 8 ᠠᠶᠢᠮᠠᠭ ᠬᠤᠲᠠ ᠶᠢᠨ 24 ᠬᠡᠰᠡᠭ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠪᠠᠶᠢᠨ᠎ᠠ᠂ ᠲᠡᠭᠦᠨ ᠤ ᠶᠡᠷᠦᠩᠬᠡᠢ ᠲᠠᠯᠠᠪᠠᠶ ᠨᠢ 1414.85 ᠮᠦ ᠳᠤ ᠬᠦᠷᠴᠦ᠂ ᠪᠥᠬᠦ ᠣᠷᠣᠨ ᠤ ᠭᠠᠵᠠᠷ ᠰᠢᠷᠣᠢ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠣᠶᠤᠨᠴᠢᠯᠠᠭᠰᠠᠨ ᠨᠢᠭᠡᠳᠦᠯᠲᠡᠢ ᠲᠥᠯᠥᠪᠯᠡᠨ ᠬᠠᠮᠢᠶᠠᠷᠬᠤ ᠲᠣᠭᠲᠠᠯᠴᠠᠭ᠎ᠠ ᠠᠩᠬ᠎ᠠ ᠠᠯᠬᠤᠮ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号