ᠪᠠᠷᠠᠭᠤᠨ ᠦᠵᠦᠮᠦᠴᠢᠨ ᠬᠤᠰᠢᠭᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/21
    11 ᠰᠠᠷ᠎ᠠ ᠶᠢᠨ 19᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠬᠤᠰᠢᠭᠤ ᠤᠳᠤᠷᠢᠳᠤᠯᠭ᠎ᠠ ᠯᠦ ᠵᠧᠨ ᠰᠢᠨ ᠂ ᠵᠣᠣ ᠭᠦᠸᠧ ᠳ᠋ᠦᠩ᠂ ᠶᠣᠣ ᠬᠠᠢ ᠮᠢᠩ ᠨᠠᠷ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃     ᠶᠣᠣ ᠬᠤᠩ ᠭᠠᠩ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ ᠢ ᠵᠠᠷᠯᠠᠪᠠ᠃     ᠲᠣᠰ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ ᠨᠢ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠭ᠎ᠠ ᠶᠤᠮ᠃ ᠲᠤᠰ ᠲᠥᠷᠥᠯ ᠵᠦᠢᠯ ᠤᠨ ᠪᠦᠬᠦ ᠲᠠᠯᠠᠪᠠᠢ ᠨᠢ 2.2 ᠲᠦᠮᠡᠨ ᠬᠠᠪᠲᠠᠭᠠᠢ ᠳᠥᠷᠪᠡᠯᠵᠢᠨ ᠮᠧᠲᠷ ᠪᠠᠶᠢᠵᠤ᠂ ᠲᠦᠷᠭᠡᠨ ᠬᠦᠷᠭᠡᠯᠲᠡ ᠶᠢᠨ ᠠᠩᠭᠢᠯᠠᠨ ᠢᠯᠭᠠᠬᠤ ᠲᠥᠪ᠂ ᠡᠯᠧᠺᠲᠷᠣᠨ ᠬᠤᠳᠠᠯᠳᠤᠭᠠᠨ ᠤ ᠬᠥᠮᠥᠷᠭᠡ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠴᠢᠬᠤᠯᠠ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠪᠠᠲᠤ ᠪᠠᠬᠢ ᠪᠣᠳᠠᠰ ᠤᠨ ᠰᠠᠭᠤᠷᠢ ᠶᠢ ᠬᠠᠩᠭᠠᠬᠤ ᠪᠣᠯᠣᠨ᠎ᠠ᠃ ᠲᠦᠷᠦᠯ ᠵᠦᠢᠯ ᠤᠨ ᠪᠠᠶᠢᠭᠤᠯᠤᠯᠲᠠ ᠨᠢ ᠪᠠᠷᠠᠭᠤᠨ ᠦᠵᠦᠮᠦᠴᠢᠨ ᠬᠤᠰᠢᠭᠤᠨ ᠤ ᠰᠠᠭᠤᠭᠠᠯᠢ ᠠᠷᠠᠳ ᠲᠤ ᠨᠡᠩ ᠤᠯᠠᠨ ᠠᠵᠢᠯ ᠣᠯᠭᠤᠯᠲᠠ ᠶᠢᠨ ᠲᠣᠬᠢᠶᠠᠯ ᠣᠯᠭᠤᠬᠤ ᠪᠠᠷ ᠪᠠᠷᠠᠬᠤ ᠦᠭᠡᠢ ᠪᠠᠰᠠ ᠨᠡᠩ ᠤᠯᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠢᠨᠲ᠋ᠧᠷ ᠰᠦᠯᠵᠢᠶ᠎ᠡ +︾ ᠵᠠᠭᠪᠤᠷ ᠢᠶᠠᠷ ᠳᠠᠮᠵᠢᠭᠤᠯᠤᠨ ᠤᠯᠠᠨ ᠢᠶᠠᠷ ᠢᠶᠠᠨ ᠦᠢᠯᠡᠰ ᠪᠣᠰᠬᠠᠬᠤ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠵᠦ᠂ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠬᠦ ᠪᠣᠯᠣᠨ᠎ᠠ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠣᠷᠣᠨ ᠪᠦᠰᠡ ᠶᠢᠨ ᠬᠥᠭᠵᠢᠯᠲᠡ ᠶᠢ  ᠠᠬᠢᠭᠤᠯᠬᠤ ᠴᠢᠬᠤᠯᠠ ᠠᠴᠢᠶᠠᠯᠠᠪᠤᠷᠢ ᠪᠠ ᠪᠦᠲᠦᠮᠵᠢᠲᠡᠶ ᠭᠠᠷᠳᠠᠴᠠ ᠮᠥᠨ᠃ ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠠᠵᠢᠯᠯᠠᠬᠤ᠂ ᠨᠡᠶᠢᠭᠡᠮ ᠢᠶᠠᠷ ᠢᠶᠠᠨ ᠣᠷᠣᠯᠴᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠲᠤ ᠬᠦᠴᠦᠨ ᠴᠢᠳᠠᠯ ᠬᠤᠷᠠᠮᠳᠤᠭᠤᠯᠤᠭᠰᠠᠨ ᠢᠶᠠᠷ ᠡᠯᠧᠺᠲᠷᠣᠨ ᠬᠤᠳᠠᠯᠳᠤᠭᠠᠨ ᠤ ᠠᠵᠤ ᠦᠢᠯᠡᠰ ᠦᠳᠲᠡᠷ ᠲᠦᠷᠭᠡᠨ ᠬᠥᠭᠵᠢᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠢ ᠴᠢᠩᠭᠠᠷᠠᠭᠤᠯᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号