ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠣᠷᠠᠯ ᠡᠷᠬᠢᠯᠡᠪᠡ
ᠨᠡᠶᠢᠲᠡᠯᠡᠭᠰᠡᠨ ᠴᠠᠭ᠄
2024/11/21
     11 ᠰᠠᠷ᠎ᠠ ᠶᠢᠨ 20᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ᠃      ᠲᠤᠰ ᠣᠳᠠᠭᠠᠨ ᠤ ᠪᠣᠯᠪᠠᠰᠤᠷᠠᠯ ᠳᠤ᠂ ᠰᠢᠯᠢ ᠶᠢᠨ ᠭᠤᠣᠯ ᠠᠶᠢᠮᠠᠭ ᠤᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠲᠥᠪ ᠤᠨ ᠣᠨᠴᠠ ᠤᠷᠢᠭᠰᠠᠨ ᠠᠷᠠᠳ ᠤᠨ ᠡᠳᠦᠷ ᠤᠨ ᠰᠣᠨᠢᠨ ᠤ ᠥᠪᠥᠷ ᠮᠣᠩᠭᠤᠯ ᠤᠨ ᠬᠤᠪᠢᠶᠠᠷᠢ ᠬᠤᠷᠢᠶᠠᠨ ᠤ ᠰᠣᠷᠪᠤᠯᠵᠢᠯᠠᠭ᠎ᠠ ᠶᠢᠨ ᠬᠡᠯᠲᠡᠰ ᠤᠨ ᠳᠡᠳ᠋ ᠡᠷᠬᠢᠯᠡᠭᠴᠢ ᠦ᠋ ᠶᠦᠩ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠰᠢᠯᠢ ᠶᠢᠨ ᠭᠤᠣᠯ ᠳᠤ ᠰᠠᠭᠤᠭ᠎ᠠ ᠰᠤᠷᠪᠤᠯᠵᠢᠯᠠᠭᠴᠢ ᠶᠢᠨ ᠦᠷᠳᠡᠭᠡᠨ ᠤ ᠳᠠᠷᠤᠭ᠎ᠠ ᠪᠠᠶᠠᠰᠬᠤᠯᠠᠩ ᠵᠡᠷᠭᠡ ᠬᠤᠶᠠᠷ ᠨᠡᠷ᠎ᠡ ᠬᠦᠨᠳᠦᠲᠦ ᠵᠠᠭᠤᠴᠢᠯᠠᠭᠤᠷ ᠤᠨ ᠪᠠᠭᠰᠢ ︽ᠰᠣᠨᠢᠨ ᠮᠡᠳᠡᠭᠡᠨ ᠤ ᠰᠡᠳᠦᠪ ᠢ ᠬᠡᠷᠬᠢᠨ ᠰᠣᠩᠭᠤᠬᠤ︾᠂ ︽ᠮᠡᠳᠡᠭᠡ ᠵᠣᠬᠢᠶᠠᠨ ᠪᠢᠴᠢᠬᠦ ᠶᠢᠨ ᠴᠢᠬᠤᠯᠠ ᠴᠢᠨᠠᠷ ᠵᠢᠴᠢ ᠣᠶᠢᠯᠠᠭᠠᠯᠲᠠ︾ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯ ᠣᠷᠣᠵᠠᠢ᠃ ᠶᠠᠷᠢᠶ᠎ᠠ ᠲᠠᠯᠪᠢᠭᠴᠢ ᠥᠪᠡᠷ ᠤᠨ ᠣᠯᠠᠨ ᠵᠢᠯ ᠤᠨ ᠰᠣᠨᠢᠨ ᠮᠡᠳᠡᠭᠡᠨ ᠤ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠶᠡᠭᠡ ᠬᠡᠮᠵᠢᠶᠡᠨ ᠤ ᠪᠤᠳᠠᠲᠣ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠵᠤ᠂ ᠰᠣᠨᠢᠨ ᠮᠡᠳᠡᠭᠡᠨ ᠤ ᠠᠵᠢᠯᠲᠠᠳ ᠭᠢᠷᠠᠬᠠᠢ ᠠᠵᠢᠭᠯᠠᠬᠤ ᠴᠢᠳᠠᠪᠤᠷᠢ  ᠲᠠᠢ ᠪᠠᠶᠢᠬᠤ ᠬᠡᠷᠡᠭᠲᠡᠢ᠂ ᠡᠳᠦᠷ ᠲᠤᠳᠤᠮ ᠤᠨ ᠠᠮᠢᠳᠤᠷᠠᠯ ᠤᠨ ᠳᠤᠮᠳᠠ ᠠᠴᠠ ᠥᠪᠡᠷᠮᠢᠴᠡ ᠬᠠᠷᠠᠭᠠᠰᠤ ᠶᠢ ᠴᠢᠳᠠᠮᠠᠭᠠᠢ ᠪᠠᠷ ᠡᠵᠡᠮᠰᠢᠵᠦ᠂ ᠬᠦᠯᠢᠶᠡᠨ ᠠᠪᠤᠭᠴᠢᠳ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠤᠯᠠᠨ ᠡᠰᠢᠲᠦ ᠬᠡᠷᠡᠭᠴᠡᠭᠡ ᠶᠢ ᠬᠠᠩᠭᠠᠬᠤ ᠶᠢᠨ ᠬᠠᠮᠲᠤ ᠮᠡᠳᠡᠭᠡ ᠵᠠᠩᠭᠢ ᠶᠢ ᠰᠤᠷᠪᠤᠯᠵᠢᠯᠠᠨ ᠪᠢᠴᠢᠬᠦ ᠶᠠᠪᠤᠴᠠ ᠳᠤ ᠰᠣᠨᠢᠨ ᠮᠡᠳᠡᠭᠡᠨ ᠤ ᠭᠤᠣᠯ ᠡᠯᠧᠮᠧᠨ᠋ᠲ ᠢ ᠲᠤᠪᠤᠶᠢᠯᠭᠠᠵᠦ᠂ ᠤᠩᠰᠢᠭᠴᠢᠳ ᠤᠨ ᠠᠩᠬᠠᠷᠤᠯ ᠢ ᠲᠦᠷᠭᠡᠨ ᠲᠠᠲᠠᠵᠤ᠂ ᠦᠰᠦᠭ ᠪᠢᠴᠢᠭ ᠢ ᠨᠠᠷᠢᠯᠢᠭ ᠪᠣᠯᠪᠠᠰᠤᠷᠠᠭᠤᠯᠬᠤ ᠪᠠᠷ ᠰᠣᠨᠢᠨ ᠮᠡᠳᠡᠭᠡᠨ ᠤ ᠭᠤᠣᠯᠳᠠᠯᠭ᠎ᠠ ᠶᠢ ᠬᠤᠷᠢᠶᠠᠩᠭᠤᠶᠢᠯᠠᠵᠤ᠂ ᠠᠷᠠᠳ ᠤᠨ ᠠᠮᠢᠳᠤᠷᠠᠯ ᠳᠤ ᠣᠶᠢᠷᠠᠲᠤᠭᠤᠯᠵᠤ᠂ ᠨᠡᠶᠢᠭᠡᠮ ᠤᠨ ᠬᠠᠯᠠᠮᠰᠢᠯ ᠴᠡᠭ ᠪᠣᠯᠣᠨ ᠴᠠᠭ ᠦᠶ᠎ᠡ ᠶᠢᠨ ᠰᠤᠳᠠᠰᠤ ᠶᠢ ᠠᠩᠬᠠᠷᠴᠤ᠂ ᠬᠠᠯᠠᠭᠤᠷᠠᠯ ᠪᠤᠯᠵᠤ ᠪᠠᠶᠢᠭ᠎ᠠ ᠪᠤᠶᠤ ᠭᠦᠨᠴᠡ ᠲᠠᠢ ᠰᠣᠨᠢᠨ ᠮᠡᠳᠡᠭᠡᠨ ᠤ ᠮᠡᠳᠡᠭᠡ ᠵᠠᠩᠭᠢ ᠶᠢ ᠪᠢᠴᠢᠵᠦ ᠭᠠᠷᠭᠠᠬᠤ ᠬᠡᠷᠡᠭᠲᠡᠢ ᠭᠡᠰᠡᠨ ᠪᠠᠶᠢᠨ᠎ᠠ᠃     ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠡᠯᠪᠡᠭ ᠳᠡᠯᠪᠡᠭ ᠣᠯᠣᠯᠲᠠ ᠲᠠᠢ ᠪᠠᠶᠢᠬᠤ ᠪᠠᠨ ᠢᠯᠡᠷᠬᠡᠶᠢᠯᠡᠵᠦ᠂ ᠮᠠᠰᠢ ᠣᠯᠠᠨ ᠪᠣᠳᠠᠲᠤ ᠬᠡᠷᠡᠭᠯᠡᠭᠡᠨ ᠤ ᠰᠣᠨᠢᠨ ᠮᠡᠳᠡᠭᠡᠨ ᠤ ᠵᠣᠬᠢᠶᠠᠨ ᠪᠢᠴᠢᠬᠦ ᠠᠷᠭ᠎ᠠ ᠪᠠ ᠤᠷ᠎ᠠ ᠴᠢᠳᠠᠪᠤᠷᠢ ᠶᠢ ᠰᠣᠷᠣᠭᠰᠠᠨ ᠢᠶᠠᠷ ᠪᠠᠷᠠᠬᠤ ᠦᠭᠡᠢ᠂ ᠪᠠᠰᠠ ᠬᠠᠷᠠᠭ᠎ᠠ ᠪᠠ ᠰᠡᠳᠬᠢᠴᠡ ᠪᠠᠨ ᠥᠷᠭᠡᠳᠬᠡᠵᠤ᠂ ᠰᠣᠷᠣᠭᠰᠠᠨ ᠮᠡᠳᠡᠯᠭᠡ ᠪᠠᠨ ᠪᠣᠳᠠᠲᠤ ᠠᠵᠢᠯ ᠤᠨ ᠳᠤᠮᠳᠠ ᠪᠠᠨ ᠬᠡᠷᠡᠭᠯᠡᠵᠦ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠬᠦ ᠪᠠᠨ ᠢᠯᠡᠷᠬᠡᠶᠢᠯᠡᠪᠡ᠃    ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ‍ᠦᠨ‌‍ᠰᠤᠷᠪᠤᠯᠵᠢᠯᠠᠨ ᠨᠠᠶᠢᠷᠠᠭᠤᠯᠬᠤ ᠪᠦᠬᠦ ᠠᠵᠢᠯᠲᠠᠳ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号