ᠪᠤᠶᠠᠨᠰᠠᠭ ᠬᠦᠮᠦᠰ ᠤᠨ ᠦᠬᠢᠶᠠᠮᠤᠷ ᠠᠵᠢᠯᠯᠠᠭ᠎ᠠ
ᠨᠡᠶᠢᠲᠡᠯᠡᠭᠰᠡᠨ ᠴᠠᠭ᠄
2024/11/21
   ᠪᠠᠷᠠᠭᠤᠨ ᠦᠵᠦᠮᠦᠴᠢᠨ ᠬᠤᠰᠢᠭᠤᠨ ᠳᠤ ᠡᠶᠢᠮᠦ ᠨᠢᠭᠡ ᠪᠦᠯᠦᠭ ᠬᠦᠮᠦᠰ ᠦᠬᠢᠶᠠᠮᠤᠷ ᠰᠠᠶᠢᠬᠠᠨ ᠰᠠᠳᠬᠢᠯ ᠢᠶᠠᠷ ᠬᠠᠶᠢᠷ᠎ᠠ ᠶᠢᠨ ᠬᠠᠯᠠᠭᠤᠨ ᠭᠠᠷ ᠢᠶᠠᠨ ᠰᠣᠩᠭᠠᠵᠦ᠂ ᠭᠦᠴᠢᠷᠳᠠᠯᠳᠠᠢ ᠬᠡᠣᠬᠡᠳ ᠲᠤ ᠡᠨᠠᠷᠢᠯ ᠢ ᠡᠳᠠᠯᠠᠬᠦᠯᠵᠦ ᠪᠤᠢ᠃ ᠡᠳᠠᠬᠡᠷ ᠬᠦᠮᠦᠰ ᠪᠤᠯ ︽ᠡᠨᠡᠷᠢᠩᠬᠦᠢ ᠠᠨᠢᠶ᠎ᠠ︾ ᠪᠤᠯᠤᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠵᠢᠷᠠᠨᠭᠤᠣᠯ ᠪᠠᠯᠭᠠᠰᠤᠨ ᠤ ᠵᠢᠭᠠᠰᠣᠳᠠᠢ ᠭᠠᠴᠠᠭᠠᠨ ᠤ  ᠬᠠᠰᠪᠢᠯᠢᠭ᠌ ᠪᠣᠯ ︽ᠲᠠᠮ ᠲᠠᠮ ᠳᠡᠭᠡᠨ︾ ᠡᠨᠠᠷᠢᠩᠬᠦᠢ ᠠᠨᠢᠶ᠎ᠠ ᠶᠢᠨ ᠪᠦᠯᠬᠦᠮ ᠨᠢᠭᠡ ᠭᠡᠰᠢᠭᠦᠨ ᠪᠣᠯᠣᠨ᠎ᠠ᠃ ᠲᠠᠷᠠ ᠭᠠᠴᠠᠭᠠᠨ ᠤ ᠪᠠᠨ ᠡᠭᠡᠴᠢ ᠳᠡᠭᠦᠦ ᠨᠠᠷ ᠲᠠᠢ ᠪᠠᠨ ᠰᠠᠳᠬᠢᠯ ᠨᠢᠬᠡᠳᠣᠨ᠂ ᠬᠦᠴᠢᠷᠳᠠᠯᠳᠠᠢ ᠬᠡᠣᠬᠡᠳ ᠤᠳ ᠲᠤ ᠬᠠᠶᠢᠷ᠎ᠠ ᠬᠠᠯᠠᠮᠵᠢ ᠭᠦᠷᠬᠡᠬᠦ ᠠᠶᠠᠯᠠᠯ  ᠎ ᠢᠶᠠᠨ ᠡᠬᠢᠯᠠᠬᠦᠯᠵᠦ᠂  ᠪᠤᠶᠠᠨᠰᠠᠭ ᠦᠢᠯᠠ ᠠᠵᠢᠯᠯᠠᠭ᠎ᠠ ᠪᠠᠷ ᠢᠶᠠᠨ  ᠨᠠᠶᠢᠬᠡᠮ ᠲᠠᠶᠠᠭᠠᠷ ᠲᠤ ᠦᠪᠡᠷ ᠤᠨ ᠬᠤᠪᠢ ᠨᠠᠮᠡᠷᠢ᠂ ᠬᠦᠴᠦᠨ ᠵᠢᠳᠬᠦᠯ ᠢᠶᠠᠨ ᠦᠵᠡᠬᠦᠯᠵᠦ ᠶᠠᠪᠤᠨ᠎ᠠ᠃     ︽ᠲᠠᠮ ᠲᠠᠮ ᠳᠡᠭᠡᠨ︾ ᠡᠨᠠᠷᠢᠩᠬᠦᠢ ᠠᠨᠢᠶ᠎ᠠ ᠶᠢᠨ ᠪᠦᠯᠬᠦᠮ ᠨᠢ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠮᠠᠯᠵᠢᠬᠤ ᠣᠷᠣᠨ ᠤ ᠡᠯ᠎ᠡ ᠵᠦᠢᠯ ᠤᠨ ᠬᠤᠭ ᠨᠣᠪᠰᠢ ᠶᠢ ᠨᠠᠷᠢᠨ ᠢᠯᠭᠠᠵᠤ ᠬᠤᠳᠠᠯᠳᠣᠵᠦ᠂ ᠪᠠᠯᠠ ᠮᠦᠩᠬᠦ ᠬᠤᠷᠠᠮᠳᠣᠭᠤᠯᠤᠨ ᠬᠡᠣᠬᠡᠳ ᠤᠳ ᠲᠤ ᠲᠠᠮᠵᠢᠯᠬᠡ ᠦᠵᠡᠬᠦᠯᠳᠡᠭ ᠪᠠᠶᠢᠨ᠎ᠠ᠃ ᠮᠥᠩᠭᠦ ᠪᠦᠷᠢ ᠳᠤ ᠲᠡᠳᠡᠨ ᠤ ᠬᠦᠴᠦ ᠬᠥᠯᠥᠰᠦ ᠪᠣᠯᠣᠨ ᠬᠦᠰᠡᠯ ᠡᠷᠡᠮᠡᠯᠵᠡᠯ ᠰᠢᠩᠭᠡᠵᠦ ᠪᠠᠶᠢᠳᠠᠭ᠃    ᠡᠨᠡ ᠤᠳᠠᠭ᠎ᠠ᠂ ᠲᠠᠳᠠ ᠬᠤᠭ ᠨᠣᠪᠰᠢ ᠶᠢ ᠲᠥᠷᠥᠯ ᠬᠤᠪᠢᠶᠠᠨ ᠬᠤᠳᠠᠯᠳᠣᠵᠦ ᠴᠤᠭᠯᠠᠭᠤᠯᠤᠭᠰᠠᠨ ᠪᠡᠯᠡ ᠮᠥᠩᠭᠦ ᠪᠠᠷ ᠎ ᠢᠶᠠᠨ ᠰᠤᠷᠤᠯᠭ᠎ᠠ ᠶᠢᠨ ᠬᠡᠷᠡᠭᠰᠡᠯ ᠵᠢᠴᠢ 7200 ᠲᠥᠭᠦᠷᠢᠭ ᠤᠨ ᠰᠤᠷᠤᠯᠭ᠎ᠠ ᠵᠢᠨ‌ᠮᠥ᠋ᠩᠭᠦ ᠪᠠᠨ ᠠᠪᠴᠤ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠢᠷᠡᠵᠦ᠂  ᠲᠤᠰᠠᠯᠠᠮᠵᠢ ᠱᠠᠭᠠᠷᠳᠠᠯᠭ᠎ᠠ ᠲᠠᠢ ᠬᠡᠣᠬᠡᠳ ᠎ ᠲᠤ ᠬᠠᠨᠳᠢᠪᠯᠠᠭᠰᠠᠨ ᠮᠦᠷᠳᠠᠬᠡᠨ ᠬᠡᠦᠬᠡᠳ ᠤᠳ ᠲᠤ ᠮᠣᠩᠭᠤᠯ ᠲᠡᠷᠯᠢᠭ ᠣᠶᠣᠵᠤ ᠦᠭᠴᠦ᠂ ᠬᠡᠦᠬᠡᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠬᠡᠦᠬᠡᠳ ᠢ  ᠪᠠᠶ᠎ᠠ ᠳᠤ ᠪᠠᠨ ᠢᠳᠠᠬᠡᠯ ᠲᠠᠢ᠂ ᠪᠡᠶ᠎ᠡ ᠪᠠᠨ ᠳᠠᠭᠠᠭᠠᠬᠤ ᠴᠢᠳᠠᠪᠤᠷᠢ ᠲᠠᠢ᠂ ᠡᠷᠡᠭᠦᠯ ᠢᠶᠠᠷ ᠦᠰᠦᠨ ᠪᠣᠶᠢᠵᠢᠬᠤ ᠶᠢ  ᠎ ᠨᠢ ᠵᠤᠷᠢᠭᠵᠢᠭᠤᠯᠤᠭᠰᠠᠨ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠣ ᠬᠤᠷᠠᠯ   ︽ᠡᠨᠠᠷᠢᠩᠬᠦᠢ ᠠᠨᠢᠶ᠎ᠠ︾᠎ ᠶᠢᠨ ᠪᠦᠯᠬᠦᠮ ᠤᠨ ᠠᠵᠢᠯ ᠢ ᠴᠢᠬᠤᠯᠠᠴᠢᠯᠠᠨ ᠠᠳᠬᠤᠵᠦ᠂  ᠬᠡᠦᠬᠡᠳ ᠢ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ  ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷᠴᠤᠳ᠂ ᠭᠦᠢᠴᠡᠳᠬᠡᠬᠦ ᠺᠣᠮᠢᠰ ᠤᠨ ᠭᠡᠰᠢᠭᠦᠨ ᠢᠳᠡᠪᠬᠢᠲᠡᠢ ᠪᠠᠷ ᠲᠡᠷᠢᠭᠦᠯᠡᠵᠦ᠂  ︽3.8︾  ᠎ ᠶᠢᠨ ᠤᠯᠠᠭᠠᠨ ᠲᠤᠭᠴᠢ᠂ ᠡᠮᠡᠭᠲᠡᠢ ᠰᠠᠶᠢᠨ  ᠲᠤᠷᠠᠴᠣᠳ  ᠵᠡᠷᠬᠡ ᠶᠢ ᠤᠷᠠᠶᠢᠯᠠᠨ ᠲᠠᠶᠢᠴᠢᠯᠠᠵᠦ᠂ 2023 ᠣᠨ ᠪᠣᠯᠬᠤ ᠳᠤ᠂ ᠡᠯ᠎ᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠴᠤ  ︽ᠡᠨᠡᠷᠢᠩᠬᠦᠢ ᠠᠨᠢᠶ᠎ᠠ︾᠎ ᠶᠢᠨ ᠪᠦᠯᠬᠦᠮ ᠢ ᠪᠠᠶᠢᠭᠤᠯᠵᠤ᠂  ᠪᠦᠬᠦ ᠬᠤᠰᠢᠭᠤᠨ ᠤ ᠡᠨᠡᠷᠢᠩᠬᠦᠢ ᠠᠨᠢᠶ᠎ᠠ ᠨᠢᠭᠡᠨᠲᠡ 724 ᠬᠥᠮᠥᠨ  ᠎ ᠳᠤ ᠭᠦᠷᠴᠠᠢ᠃    ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠰᠣᠮᠤ ᠪᠠᠯᠭᠠᠰᠣ᠂ ᠭᠠᠴᠠᠭ᠎ᠠ᠂ ᠨᠡᠶᠢᠭᠡᠮ ᠲᠣᠭᠤᠷᠢᠭ ᠪᠣᠯᠭᠠᠨ ᠳᠤ ᠭᠦᠨᠵᠡᠭᠡᠶᠢᠷᠡᠵᠦ᠂ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠶᠢᠳᠠᠯ ᠢ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠨᠠᠶᠢᠬᠡᠮ ᠨᠠᠶᠢᠳᠠ ᠶᠢᠨ ᠬᠠᠶᠢᠷ᠎ᠠ ᠬᠠᠯᠠᠮᠵᠢ ᠭᠦᠷᠬᠡᠬᠦ ᠳᠤ ᠨᠢ ᠲᠦᠬᠦᠮ ᠪᠤᠯᠭᠠᠵᠡᠢ  ᠃ 724 ᠨᠠᠷ᠎ᠠ ︽ ᠡᠨᠡᠷᠢᠩᠬᠦᠢ ᠠᠨᠢᠶ᠎ᠠ︾᠎ ᠨᠢ ᠶᠠᠭ 724  ᠬᠡᠷᠡᠯᠳᠣ ᠣᠲᠣ ᠲᠠᠢ ᠠᠳᠠᠯᠢ ᠪᠠᠷ ᠬᠦᠴᠢᠷᠳᠡᠯ ᠳᠤ ᠲᠤᠯᠭᠠᠷᠠᠭᠰᠠᠨ 97 ᠬᠡᠦᠬᠡᠳ ᠢ  ᠲᠡᠳᠬᠦᠵᠦ᠂ ᠲᠠᠳᠠᠨ ᠤ ᠠᠮᠢᠳᠣᠷᠠᠯ ᠰᠣᠷᠣᠯᠭ᠎ᠠ ᠳᠤ ᠨᠢ ᠶᠠᠬᠡᠬᠡᠨ ᠲᠤᠰᠠ ᠲᠠᠮᠵᠢᠯᠬᠡ ᠪᠤᠯᠭᠠᠵᠦ᠂ ᠬᠡᠣᠬᠡᠳ ᠤᠳ ᠲᠤ ᠡᠷᠡᠬᠦᠯ ᠢᠶᠠᠷ ᠦᠰᠣᠨ ᠪᠤᠶᠢᠵᠢᠬᠤ ᠳᠤ ᠨᠢ ᠲᠦᠰᠢᠭ ᠪᠤᠯᠵᠦ ᠶᠠᠪᠤᠭ᠎ᠠ ᠶᠤᠮ᠃ 2023 ᠣᠨ  ᠎ ᠠᠴᠠ ᠨᠠᠰᠢ᠂ ︽ᠡᠨᠡᠷᠢᠩᠬᠦᠢ ᠠᠨᠢᠶ᠎ᠠ︾ ᠨᠠᠷ ᠨᠢ 380 ᠲᠠᠯᠠᠪᠤᠷ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠭᠦᠨ ᠳᠤ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ 290 ᠲᠠᠯᠠᠪᠤᠷ ᠪᠠᠶᠢᠵᠤ᠂ 138 ᠬᠡᠦᠬᠡᠳ ᠲᠤ ᠲᠤᠰᠠᠯᠠᠮᠵᠢ ᠦᠵᠡᠬᠦᠯᠦᠨ᠂ ᠬᠠᠪᠰᠤᠷᠤᠨ ᠲᠡᠳᠬᠦᠬᠦ ᠪᠡᠯᠡ ᠮᠥᠩᠭᠦ ᠨᠢ 30.6 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ  ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号