11 ᠰᠠᠷ᠎ᠠ ᠶᠢᠨ 18 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠦ᠂ ︽ | ᠳᠤᠯᠠᠭᠠᠯᠠᠭ᠎ᠠ ᠶᠢᠨ ᠢᠨᠵᠧᠨᠧᠷᠢᠩ︾ ᠤᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ | ᠪᠥᠬᠦ ᠬᠤᠰᠢᠭᠤᠨ ᠤ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ 2024 | ᠣᠨ ᠳᠤ᠂ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠢᠯᠠᠩᠭᠤᠶ᠎ᠠ | ᠬᠡᠰᠡᠭ ᠰᠠᠭᠤᠭᠠᠯᠢ ᠲᠣᠭᠤᠷᠢᠭ ᠤᠨ ᠤᠳᠠᠭᠠᠨ ᠵᠢᠯ ᠤᠨ ᠲᠤᠷᠰᠢ ᠳᠤᠯᠠᠭᠠᠯᠠᠭ᠎ᠠ ᠶᠢᠨ | ᠬᠤᠭᠤᠯᠠᠶ ᠬᠠᠭᠤᠴᠢᠷᠠᠭᠰᠠᠨ ᠠᠴᠠ ᠪᠣᠯᠵᠣ ᠭᠡᠷ ᠤᠨ ᠳᠤᠯᠠᠭᠠᠯᠠᠭ᠎ᠠ ᠠᠨᠠᠢ ᠪᠠᠶᠢᠭ᠎ᠠ ᠪᠠᠶᠢᠳᠠᠯ ᠢ ᠰᠢᠶᠳᠪᠦᠷᠢᠯᠡᠬᠦ ᠶᠢᠨ | ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠬᠤᠲᠠ ᠪᠠᠯᠭᠠᠰᠤᠨ ᠤ ︽ᠳᠤᠯᠠᠭᠠᠯᠠᠭ᠎ᠠ ᠶᠢᠨ ᠢᠨᠵᠧᠨᠧᠷᠢᠩ︾ ᠢ ᠬᠦᠴᠦᠯᠡᠨ | ᠠᠬᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠲᠤᠯᠠᠭᠠᠨ ᠪᠦᠯᠢᠶᠡᠨ ᠡᠪᠦᠯᠵᠢᠬᠦ ᠶᠢ ᠪᠠᠳᠤᠯᠠᠵᠦ | ᠪᠠᠶᠢᠨ᠎ᠠ᠃ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ 4666 ᠲᠦᠮᠡᠨ ᠲᠥᠭᠦᠷᠢᠭ ᠤᠨ ᠪᠠᠯᠠ | ᠮᠥᠩᠭᠦ ᠣᠷᠣᠭᠤᠯᠵᠤ᠂ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠢᠨᠵᠧᠨᠧᠷᠢᠩ ᠤᠨ 6 ᠵᠦᠶᠯ ᠢ ᠬᠡᠷᠡᠭᠵᠢᠭᠦᠯᠪᠡ᠃ | ᠡᠭᠦᠨ ᠳᠤ 2024 ᠣᠨ ᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠶᠯ ᠢ ᠪᠠᠭᠲᠠᠭᠠᠵᠤ᠂ 15 ᠬᠠᠭᠤᠴᠢᠨ ᠰᠠᠭᠤᠭᠠᠯᠢ | ᠲᠣᠭᠤᠷᠢᠭ ᠤᠨ ᠬᠦᠷᠢᠶᠡᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠬᠤᠭᠤᠯᠠᠶ ᠶᠢ 13 ᠺᠢᠯᠣᠮᠧᠲᠷ ᠵᠢᠴᠢ 6 | ᠵᠢᠵᠢᠭ ᠲᠣᠭᠤᠷᠢᠭ᠂ 7 ᠰᠠᠭᠤᠷᠢ ᠠᠰᠠᠷ ᠤᠨ ᠳᠣᠲᠣᠷᠠᠬᠢ 760 ᠮᠧᠲᠷ ᠤᠨ ᠳᠤᠯᠠᠭᠠᠯᠠᠭ᠎ᠠ ᠬᠤᠭᠤᠯᠠᠶ ᠶᠢᠨ | ᠰᠢᠨ᠎ᠡ ᠪᠠᠷ ᠤᠭᠰᠠᠷᠠᠵᠦ᠂ 8 ᠰᠠᠷ᠎ᠠ ᠶᠢᠨ 13 ᠤ ᠡᠳᠦᠷ ᠪᠥᠬᠦ ᠲᠠᠯ᠎ᠠ ᠪᠠᠷ ᠳᠠᠭᠤᠰᠬᠠᠪᠠ᠃ ᠪᠠᠯᠭᠠᠷᠭᠤᠤᠯ | ᠪᠠᠯᠭᠠᠰᠤᠨ ᠤ ᠢᠯᠴᠢ ᠬᠠᠩᠭᠠᠬᠤ ᠬᠤᠭᠤᠯᠠᠢ ᠶᠢ ᠥᠷᠭᠡᠳᠬᠡᠨ ᠪᠠᠶᠢᠭᠤᠯᠬᠤ ᠲᠦᠷᠦᠯ ᠵᠦᠢᠯ ᠳᠤ᠂ ᠢᠯᠴᠢ ᠬᠠᠩᠭᠠᠬᠤ | ᠳᠤᠯᠠᠭᠠᠯᠠᠭ᠎ᠠ ᠶᠢᠨ ᠬᠤᠭᠤᠯᠠᠢ ᠶᠢ 7 ᠺᠢᠯᠥᠮᠧᠲᠷ ᠵᠢᠴᠢ ᠲᠠᠭᠠᠯᠳᠠ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠪᠠ | ᠰᠢᠨᠡᠳᠭᠡᠨ ᠪᠠᠶᠢᠭᠤᠯᠵᠦ᠂ 9 ᠰᠠᠷ᠎ᠠ ᠶᠢᠨ 5 ᠤ ᠡᠳᠦᠷ ᠠᠵᠢᠯ ᠢᠶᠠᠨ ᠲᠠᠭᠤᠰᠬᠠᠪᠠ᠃ ᠪᠠᠯᠭᠠᠷᠭᠤᠤᠯ ᠪᠠᠯᠭᠠᠰᠤᠨ | ᠤ15 ᠵᠢᠯ ᠠᠴᠠ ᠳᠡᠭᠡᠭᠰᠢᠬᠢ ᠬᠠᠭᠤᠴᠢᠨ ᠢᠯᠴᠢ ᠬᠠᠩᠭᠠᠬᠤ ᠬᠤᠭᠤᠯᠠᠢ ᠶᠢᠨ ᠥᠭᠡᠷᠡᠴᠢᠯᠡᠯᠲᠡ ᠶᠢᠨ ᠲᠦᠷᠦᠯ | ᠵᠦᠢᠯ ᠢ 9 ᠰᠠᠷ᠎ᠠ ᠶᠢᠨ 15 ᠤ ᠡᠳᠦᠷ ᠲᠠᠭᠤᠰᠬᠠᠪᠠ᠃ ᠳᠠᠮᠵᠢᠭᠤᠯᠬᠤ ᠬᠤᠭᠤᠯᠠᠶ ᠬᠠᠭᠤᠴᠢᠷᠠᠵᠤ | ᠡᠪᠳᠡᠷᠡᠭᠰᠡᠨ ᠠᠴᠠ ᠪᠣᠯᠵᠣ ᠢᠯᠴᠢ ᠬᠠᠩᠭᠠᠬᠤ ᠠᠨᠠᠶ ᠰᠠᠭᠤᠭᠠᠯᠢ ᠲᠣᠭᠤᠷᠢᠭ ᠤᠨ ᠬᠦᠷᠢᠶ᠎ᠡ ᠬᠠᠰᠢᠶ᠎ᠠ ᠶᠢᠨ | ᠲᠤᠯᠠᠭᠠᠯᠠᠭ᠎ᠠ ᠶᠢᠨ ᠬᠤᠭᠤᠯᠠᠶ ᠤᠨ ᠥᠭᠡᠷᠡᠴᠢᠯᠡᠯᠲᠡ ᠶᠢᠨ ᠲᠥᠷᠥᠯ ᠵᠦᠶᠯ ᠢ 9 ᠰᠠᠷ᠎ᠠ ᠶᠢᠨ 15 ᠤ ᠡᠳᠦᠷ | ᠲᠠᠭᠤᠰᠬᠠᠪᠠ᠃ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠤᠶᠢᠲᠤ ᠠᠵᠤ ᠦᠶᠯᠡᠳᠪᠦᠷᠢ ᠶᠢᠨ ᠲᠣᠭᠤᠷᠢᠭ ᠤᠨ | ᠢᠯᠴᠢ ᠰᠣᠯᠢᠯᠴᠠᠬᠤ ᠥᠷᠲᠡᠭᠡ ᠵᠢᠴᠢ ᠢᠵᠢ ᠪᠥᠷᠢᠳᠦᠭᠦᠯᠬᠦ ᠲᠤᠯᠠᠭᠠᠯᠠᠭ᠎ᠠ ᠶᠢᠨ ᠬᠤᠭᠤᠯᠠᠶ ᠤᠨ ᠲᠥᠷᠥᠯ ᠵᠦᠶᠯ ᠢ | 10 ᠰᠠᠷ᠎ᠠ ᠶᠢᠨ 15 ᠤ ᠡᠳᠦᠷ ᠲᠠᠭᠤᠰᠬᠠᠪᠠ᠃ ᠪᠠᠶᠠᠨᠬᠤᠸᠠ ᠪᠠᠯᠭᠠᠰᠤᠨ ᠤ ᠢᠯᠴᠢ ᠬᠠᠩᠭᠠᠬᠤ ᠬᠠᠭᠤᠴᠢᠨ | ᠲᠤᠯᠠᠭᠠᠯᠠᠭ᠎ᠠ ᠶᠢᠨ ᠬᠤᠭᠤᠯᠠᠶ ᠶᠢᠨ ᠥᠭᠡᠷᠡᠴᠢᠯᠡᠯᠲᠡ ᠶᠢᠨ ᠲᠥᠷᠥᠯ ᠵᠦᠶᠯ ᠢ 9 ᠳ᠋ᠤᠭᠡᠷ ᠰᠠᠷ᠎ᠠ ᠶᠢᠨ ᠰᠡᠭᠦᠯᠴᠢ ᠪᠠᠷ | ᠲᠠᠭᠤᠰᠬᠠᠪᠠ᠃ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠦᠶᠯᠡᠴᠢᠯᠡᠭᠡᠨ ᠤ ᠴᠢᠳᠠᠪᠤᠷᠢ ᠶᠢᠨ ᠲᠠᠯ᠎ᠠ ᠪᠠᠷ᠂ᠬᠤᠰᠢᠭᠤ | ᠵᠠᠰᠠᠭ ᠤᠨ ᠣᠷᠳᠣᠨ 200 ᠲᠦᠮᠡᠨ ᠲᠥᠭᠦᠷᠢᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠠᠯᠠ | ᠮᠥᠩᠭᠦ ᠨᠥᠭᠡᠴᠡᠯᠡᠬᠦ ᠶᠢᠨ ᠬᠠᠮᠲᠤ 2 ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ ᠪᠠᠴᠢᠮ | ᠪᠠᠶᠢᠳᠠᠯ ᠢ ᠠᠷᠭᠠᠴᠠᠬᠤ ᠬᠡᠷᠡᠭᠴᠡᠭᠡ ᠶᠢ ᠬᠠᠩᠭᠠᠵᠤ ᠳᠡᠶᠢᠯᠬᠦ 1ᠪᠠᠴᠢᠮ ᠪᠠᠶᠢᠳᠠᠯ ᠢ ᠠᠷᠭᠠᠴᠠᠬᠤ ᠢᠯᠴᠢ ᠶᠢᠨ | ᠢᠷᠡᠯᠲᠡ ᠶᠢᠨ ᠲᠡᠷᠭᠡ ᠶᠢ ᠬᠤᠳᠠᠯᠳᠤᠨ ᠠᠪᠴᠠᠢ᠃ ᠡᠭᠦᠨ ᠤ ᠬᠠᠮᠲᠤ᠂ ᠢᠯᠴᠢ ᠶᠢᠨ ᠡᠬᠢ ᠰᠤᠷᠪᠤᠯᠵᠢ ᠶᠢᠨ ᠠᠵᠤ | ᠠᠬᠤᠶᠢᠯᠠᠯ ᠲᠠᠢ 2024 ᠣᠨ ᠤ ︽ᠴᠠᠬᠢᠯᠭᠠᠨ ᠭᠠᠷᠭᠠᠬᠤ ᠨᠡᠭᠦᠷᠡᠰᠦᠨ ᠤ ᠣᠷᠳᠣ ᠬᠤᠭᠤᠴᠠᠭᠠᠨ ᠤ ᠭᠡᠷ᠎ᠡ ︾ | ᠲᠣᠭᠲᠠᠵᠤ᠂ ᠨᠡᠭᠦᠷᠡᠰᠦᠨ ᠤ ᠶᠡᠷᠦᠩᠬᠡᠶ ᠬᠡᠮᠵᠢᠶ᠎ᠡ ᠨᠢ 138 ᠲᠦᠮᠡᠨ ᠲᠣᠨ᠂ 2025 ᠣᠨ ᠤ ︽ᠴᠠᠬᠢᠯᠭᠠᠨ | ᠭᠠᠷᠭᠠᠬᠤ ᠨᠡᠭᠦᠷᠡᠰᠦᠨ ᠤ ᠣᠷᠳᠣ ᠬᠤᠭᠤᠴᠠᠭᠠᠨ ᠤ ᠭᠡᠷ᠎ᠡ︾ ᠶᠢᠨ ᠲᠥᠯᠥᠪᠯᠡᠭᠡ ᠶᠢᠨ ᠨᠡᠭᠦᠷᠡᠰᠦᠨ ᠤ ᠶᠡᠷᠦᠩᠬᠡᠶ | ᠬᠡᠮᠵᠢᠶ᠎ᠡ ᠨᠢ 140 ᠲᠦᠮᠡᠨ ᠲᠣᠨ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠨᠡᠭᠦᠷᠡᠰᠦᠨ ᠤ ᠨᠥᠭᠡᠴᠡ ᠶᠢᠨ ᠬᠡᠮᠵᠢᠶ᠎ᠡ | ᠨᠢ 11.18 ᠲᠦᠮᠡᠨ ᠲᠣᠨ ᠪᠠᠶᠢᠵᠤ᠂ ᠢᠯᠴᠢ ᠶᠢᠨ ᠡᠬᠢ ᠰᠤᠷᠪᠤᠯᠵᠢ ᠶᠢᠨ ᠦᠶᠯᠡᠳᠪᠦᠷᠢ ᠶᠢᠨ ᠰᠢᠲᠠᠭᠠᠯᠭ᠎ᠠ ᠶᠢᠨ | ᠨᠡᠭᠦᠷᠡᠰᠦᠨ ᠤ ᠬᠠᠩᠭᠠᠯᠭ᠎ᠠ ᠵᠢᠴᠢ ᠨᠥᠭᠡᠴᠡ ᠨᠢ ᠢᠯᠴᠢ ᠬᠠᠩᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠤᠨ᠎ᠠ᠃ | ᠡᠭᠦᠨ ᠤ ᠬᠠᠮᠲᠤ ᠠᠵᠤ ᠠᠬᠤᠶᠢᠯᠠᠯ ᠢ ᠱᠠᠯᠠᠪᠳᠠᠭᠤᠯᠵᠦ ᠪᠠᠶᠢᠭᠠᠳ ︽ᠡᠪᠦᠯ ᠤᠨ ᠠᠰᠠᠭᠤᠳᠠᠯ ᠢ ᠵᠣᠨ ᠵᠠᠰᠠᠬᠤ ︾ | ᠪᠠ ᠰᠡᠯᠪᠢᠨ ᠵᠠᠰᠠᠬᠤ ᠠᠵᠢᠯ ᠢ ᠰᠠᠶᠢᠲᠤᠷ ᠬᠢᠵᠦ᠂ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠠ | ᠰᠡᠯᠪᠢᠨ ᠵᠠᠰᠠᠬᠤ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠳᠤᠯᠠᠵᠠᠢ᠃ | ᠢᠯᠴᠢ ᠬᠠᠩᠭᠠᠬᠤ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠬᠢᠷᠢ ᠲᠦᠪᠰᠢᠨ ᠢ ᠳᠡᠭᠡᠭᠰᠢᠯᠡᠭᠦᠯᠬᠦ | ᠲᠠᠯ᠎ᠠ ᠪᠠᠷ᠂ ᠪᠠᠯᠭᠠᠷᠭᠤᠤᠯ ᠪᠠᠯᠭᠠᠰᠤᠨ ᠤ 52 ᠢᠯᠴᠢ ᠰᠣᠯᠢᠯᠴᠠᠬᠤ ᠦᠷᠳᠡᠭᠡᠨ ᠤ ᠲᠤᠭ᠎ᠠ ᠪᠠᠷᠢᠮᠲᠠ ᠶᠢ | ᠰᠢᠯᠢᠩᠬᠤᠲᠠ ᠶᠢᠨ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠠᠪᠴᠠᠩ ᠳᠤ ᠵᠠᠯᠭᠠᠨ ᠤᠷᠤᠭᠤᠯᠪᠠ᠂ | ᠰᠠᠭᠤᠭᠠᠯᠢ ᠠᠷᠠᠳ ᠤᠨ ᠬᠡᠷ ᠤᠨ ᠳᠤᠯᠠᠭᠠᠨ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠬᠤ | ᠠᠵᠢᠯ ᠢ ᠲᠦᠷᠭᠡᠳᠬᠡᠵᠦ᠂ ᠨᠢᠭᠡᠨᠲᠡ 900 ᠰᠠᠭᠤᠷᠢ ᠤᠭᠰᠠᠷᠠᠭᠰᠠᠨ ᠪᠥᠭᠡᠳ ᠬᠤᠰᠢᠭᠤᠨ ᠤ ᠠᠷᠢᠭᠤᠨ | ᠴᠢᠬᠡᠴᠢ ᠪᠠᠷ ᠵᠠᠰᠠᠭ ᠪᠠᠷᠢᠬᠤ ᠰᠤᠷᠭᠠᠨ ᠬᠥᠮᠦᠵᠢᠯ ᠤᠨ ᠲᠥᠪ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ᠂ | ᠬᠤᠷᠠᠯ ᠦᠵᠡᠰᠬᠦᠯᠡᠩ ᠤᠨ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠵᠡᠷᠭᠡ 4 ᠬᠠᠯᠠᠭᠤᠨ ᠬᠡᠮᠵᠢᠯᠲᠡ ᠶᠢᠨ ᠰᠦᠶᠳᠬᠡᠯ ᠬᠤᠷᠢᠶᠠᠬᠤ ᠲᠤᠷᠰᠢᠯᠲᠠ ᠶᠢᠨ ᠴᠡᠭ ᠤᠨ ᠲᠥᠷᠥᠯ | ᠵᠦᠶᠯ ᠢ ᠬᠡᠷᠡᠭᠵᠢᠭᠦᠯᠪᠡ᠃ | ᠰᠤᠷᠪᠤᠯᠵᠢᠯᠠᠭᠴᠢ᠄ ᠳᠤᠯᠠᠭᠠᠯᠠᠭ᠎ᠠ ᠶᠢᠨ ᠬᠤᠭᠤᠴᠠᠭ᠎ᠠ ᠬᠡᠷᠪᠡ ᠰᠠᠭᠤᠭᠠᠯᠢ ᠠᠷᠠᠳ ᠤᠨ ᠬᠡᠷ ᠤᠨ ᠳᠤᠯᠠᠭᠠᠯᠭ᠎ᠠ | ᠶᠢᠨ ᠪᠠᠶᠢᠳᠠᠯ ᠠᠨᠠᠢ ᠵᠡᠷᠭᠡ ᠠᠰᠠᠭᠤᠳᠠᠯ ᠭᠠᠷᠪᠠᠯ᠂ ᠬᠡᠷᠬᠢᠨ ᠬᠠᠮᠤᠭ ᠤᠨ ᠲᠦᠷᠭᠡᠨ ᠬᠠᠮᠤᠭ ᠤᠨ ᠪᠦᠲᠦᠮᠵᠢᠲᠡᠶ ᠪᠠᠷ | ᠲᠤᠰᠬᠠᠬᠤ ᠪᠣᠶ ︖ | ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠤᠪᠴᠢᠶᠠᠨ ᠤ ᠲᠤᠪᠴᠢᠶᠠᠨ ᠳᠡᠳ᠋ ᠳᠠᠷᠤᠭ᠎ᠠ ᠨᠢᠮ᠎ᠠ᠄ ᠪᠠᠷᠠᠭᠤᠨ ᠦᠵᠦᠮᠦᠴᠢᠨ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠵᠠᠭᠠᠯᠳᠤᠯᠭ᠎ᠠ | ᠬᠦᠯᠢᠶᠡᠭᠦ ᠠᠴᠠ ᠡᠮᠦᠨ᠎ᠡ ᠤᠷᠢᠳᠴᠢᠯᠠᠨ ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠢᠳᠡᠪᠬᠢᠲᠡᠶ | ᠨᠠᠶᠢᠳᠠᠪᠤᠷᠢᠵᠢᠭᠤᠯᠤᠨ᠎ᠠ᠃ ︽ᠪᠠᠯᠭᠠᠷᠭᠤᠤᠯ ᠪᠠᠯᠭᠠᠰᠤᠨ ᠤ ᠬᠤᠳᠠ ᠲᠣᠭᠤᠷᠢᠭ ᠤᠨ ᠬᠤᠲᠠ ᠪᠠᠯᠭᠠᠰᠤᠨ ᠤ ᠢᠯᠴᠢ | ᠬᠠᠩᠭᠠᠬᠤ ᠦᠶᠯᠡᠴᠢᠯᠡᠭᠡᠨ ᠤ ᠲᠣᠭᠲᠠᠴᠠ︾ ᠶᠢ ᠲᠣᠭᠲᠠᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ | ᠬᠡᠷᠡᠭᠯᠡᠭᠴᠢᠳ ᠲᠤ ᠢᠯᠴᠢ ᠬᠠᠩᠭᠠᠬᠤ ᠦᠶᠯᠡᠴᠢᠯᠡᠭᠡᠨ ᠤ ᠤᠲᠠᠰᠤ ᠪᠠ ᠬᠢᠨᠠᠯᠲᠠ ᠲᠠᠯᠪᠢᠬᠤ ᠤᠲᠠᠰᠤ ᠶᠢ ᠴᠠᠭ | ᠲᠤᠬᠠᠶ ᠳᠤᠨᠢ ᠨᠡᠶᠢᠳᠡᠯᠡᠬᠦ ᠶᠢᠨ ᠬᠠᠮᠲᠤ᠂ ᠣᠷᠣᠨ ᠰᠠᠭᠤᠴᠠ ᠶᠢᠨ ᠲᠣᠭᠤᠷᠢᠭ᠂ ᠠᠰᠠᠷ ᠲᠠᠭᠲᠤ ᠳᠤ 1286 | ᠬᠤᠪᠢ ᠢᠯᠴᠢ ᠬᠠᠩᠭᠠᠬᠤ ᠦᠶᠯᠡᠴᠢᠯᠡᠭᠡᠨ ᠤ ᠠᠯᠪᠠᠨ ᠵᠠᠷ ᠨᠠᠭᠠᠵᠤ᠂ ᠡᠷᠦᠬᠡ ᠳᠤ ᠬᠦᠷᠴᠦ 11000 | ᠦᠶᠯᠡᠴᠢᠯᠡᠭᠡᠨ ᠤ ᠺᠠᠷᠲ ᠲᠠᠷᠬᠠᠭᠠᠭᠰᠠᠨ ᠪᠥᠭᠡᠳ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ ᠵᠢᠷᠭᠤᠭᠠᠨ ᠬᠡᠰᠡᠭ | ᠲᠣᠭᠤᠷᠢᠭ ᠬᠤᠪᠢᠶᠠᠵᠤ᠂ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠨᠡᠶᠢᠭᠡᠮ ᠲᠣᠭᠤᠷᠢᠭ᠂ ᠢᠯᠴᠢ ᠬᠠᠩᠭᠠᠬᠤ ᠠᠵᠤ ᠠᠬᠤᠶᠢᠯᠠᠯ ᠢᠶᠠᠷ ᠵᠢᠷᠭᠤᠭᠠᠨ ᠠᠵᠢᠯᠯᠠᠬᠤ | ᠳᠤᠭᠤᠶᠢᠯᠠᠩ ᠪᠦᠷᠢᠯᠳᠦᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠬᠤ᠂ ᠳᠠᠩᠰᠠᠯᠠᠬᠤ᠂ | ᠲᠠᠷᠬᠠᠭᠠᠬᠤ᠂ ᠰᠢᠶᠳᠪᠦᠷᠢᠯᠡᠬᠦ ᠵᠡᠷᠭᠡ ᠠᠵᠢᠯ ᠢ ᠬᠤᠯᠪᠣᠭᠠᠯᠠᠨ ᠥᠷᠨᠢᠭᠦᠯᠵᠦ᠂ ᠰᠠᠭᠤᠭᠠᠯᠢ ᠠᠷᠠᠳ ᠤᠨ ᠲᠦᠷᠭᠡᠨ | ᠪᠥᠭᠡᠳ ᠪᠦᠲᠦᠮᠵᠢᠲᠡᠶ ᠲᠤᠰᠬᠠᠬᠤ ᠪᠠ ᠠᠰᠠᠭᠤᠳᠠᠯ ᠢ ᠰᠢᠶᠳᠪᠦᠷᠢᠯᠡᠬᠦ ᠶᠢ ᠪᠠᠲᠤᠯᠠᠨ᠎ᠠ᠃ | ᠲᠠᠷᠠᠭᠠᠴᠢ ᠶᠢᠨ ᠠᠯᠬᠤᠮ ᠳᠤ᠂ ᠢᠯᠴᠢ ᠬᠠᠩᠭᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ᠂ | ᠠᠵᠤ ᠠᠬᠤᠶᠢᠯᠠᠯ ᠢ ᠵᠢᠭᠠᠨ ᠵᠢᠯᠣᠭᠤᠳᠴᠤ ᠪᠠᠶᠢᠭᠠᠳ ᠦᠶᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ | ᠢᠯᠴᠢ ᠬᠠᠩᠭᠠᠬᠤ ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠪᠠ ᠢᠯᠴᠢ ᠬᠠᠩᠭᠠᠬᠤ ᠶᠠᠰᠤ ᠴᠢᠨᠠᠷ ᠢ | ᠳᠡᠭᠡᠭᠰᠢᠯᠡᠭᠦᠯᠵᠦ᠂ ᠣᠯᠠᠨ ᠲᠦᠮᠡᠨ ᠳᠤ ᠲᠣᠭᠲᠠᠭᠤᠨ ᠪᠥᠭᠡᠳ ᠲᠠᠭᠠᠯᠠᠮᠵᠢᠲᠠᠶ ᠢᠯᠴᠢ ᠬᠠᠩᠭᠠᠬᠤ ᠦᠶᠯᠡᠴᠢᠯᠡᠭᠡ | ᠬᠦᠷᠲᠡᠭᠡᠬᠦ ᠶᠢ ᠦᠨᠡᠨᠬᠦ ᠪᠠᠲᠤᠯᠠᠨ᠎ᠠ᠃ | ᠰᠤᠷᠪᠤᠯᠵᠢᠯᠠᠭᠴᠢ᠄ ᠪᠠᠷᠠᠭᠤᠨ ᠦᠵᠦᠮᠦᠴᠢᠨ ᠬᠤᠰᠢᠭᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ | ︖ | ᠪᠠᠷᠠᠭᠤᠨ ᠦᠵᠦᠮᠦᠴᠢᠨ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶᠠᠨ ᠤ | ᠲᠤᠪᠴᠢᠶᠠᠨ ᠳᠡᠳ᠋ ᠳᠠᠷᠤᠭ᠎ᠠ ᠭᠦᠸᠧ ᠬᠠᠶ ᠵᠢᠶᠦ᠋ᠨ᠄ 2024 ᠣᠨ ᠳᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠳᠡᠪᠬᠢᠲᠡᠶ ᠲᠤᠤᠱᠯᠠᠭᠤᠯᠬᠤ | ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ︽ᠵᠠᠮ ᠱᠤᠭᠤᠮ ᠢ ᠲᠣᠭᠲᠠᠭᠠᠬᠤ᠂ | ᠲᠡᠷᠭᠡ ᠤᠨᠤᠭ᠎ᠠ ᠶᠢ ᠲᠣᠭᠲᠠᠭᠠᠬᠤ᠂ ᠠᠵᠢᠯᠲᠠᠨ ᠢ ᠲᠣᠭᠲᠠᠭᠠᠬᠤ︾ ᠵᠠᠷᠴᠢᠮ ᠶᠣᠰᠣᠭᠠᠷ᠂ ᠡᠯ᠎ᠡ ᠰᠤᠮᠤ ᠪᠠᠯᠭᠠᠰᠤᠨ | ᠤ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠦᠷᠢᠳᠬᠡᠬᠦ ᠶᠢ ᠳᠣᠭᠢᠷᠠᠭᠤᠯᠵᠤ᠂ 9 | ᠰᠠᠷ᠎ᠠ ᠶᠢᠨ 12 ᠤᠨ ᠡᠳᠦᠷ᠂ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠲᠡᠭᠡᠭᠡᠪᠦᠷᠢᠯᠡᠬᠦ | ᠠᠵᠢᠯ ᠢ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ | ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ | ᠠᠵᠢᠯ ᠢ ᠠᠬᠢᠭᠤᠯᠬᠤ ᠶᠠᠪᠤᠴᠠ ᠳᠤ᠂ ᠨᠡᠭᠦᠷᠡᠰᠦ ᠪᠠᠭᠤᠯᠭᠠᠬᠤ ᠭᠠᠵᠠᠷ ᠪᠣᠯᠭᠠᠨ ᠳᠤ ᠲᠣᠰᠬᠠᠢ ᠬᠥᠮᠦᠨ | ᠲᠣᠬᠢᠷᠠᠭᠤᠯᠤᠨ ᠬᠠᠮᠢᠶᠠᠷᠤᠭᠤᠯᠵᠤ᠂ ᠨᠡᠭᠦᠷᠡᠰᠦᠨ ᠤ ᠶᠠᠰᠤ ᠴᠢᠨᠠᠷ ᠢ ᠪᠠᠳᠤᠯᠠᠵᠦ᠂ ᠠᠵᠤ ᠠᠬᠤᠶᠢᠯᠠᠯ ᠢ | ᠱᠠᠯᠠᠪᠳᠠᠭᠤᠯᠵᠦ ᠪᠠᠶᠢᠭᠠᠳ ᠦᠶᠯᠡᠳᠪᠦᠷᠢᠯᠡᠯ ᠢ ᠨᠢ ᠵᠦᠶ ᠵᠣᠬᠢᠰᠲᠠᠶ ᠳᠣᠭᠢᠷᠠᠭᠤᠯᠤᠨ᠂ ᠨᠡᠭᠦᠷᠡᠰᠦ ᠲᠡᠭᠡᠭᠡᠪᠦᠷᠢᠯᠡᠬᠦ | ᠲᠡᠷᠭᠡ ᠤᠨᠤᠭᠠᠨ ᠳᠤ ᠰᠠᠭᠠᠳ ᠥᠬᠡᠶ ᠨᠡᠪᠲᠡᠷᠡᠬᠦ ᠵᠠᠮ ᠢ ᠨᠡᠪᠳᠡᠷᠡᠭᠦᠯᠵᠦ᠂ ᠨᠢᠭᠡᠳᠦᠭᠡᠷ᠂ ᠭᠤᠷᠪᠠᠳᠤᠭᠠᠷ᠂ | ᠳᠥᠷᠪᠡᠳᠦᠭᠡᠷ ᠨᠣᠮᠧᠷᠲᠤ ᠠᠭᠤᠷᠬᠠᠶ ᠶᠢ ᠨᠡᠭᠦᠷᠡᠰᠦ ᠬᠠᠩᠭᠠᠬᠤ ᠠᠵᠤ ᠠᠬᠤᠶᠢᠯᠠᠯ ᠪᠣᠯᠭᠠᠬᠤ ᠪᠠᠷ ᠰᠣᠩᠭᠤᠨ | ᠲᠣᠭᠲᠠᠭᠠᠵᠤ᠂ ᠡᠯ᠎ᠡ ᠠᠭᠤᠷᠬᠠᠶ ᠶᠢᠨ ᠬᠠᠩᠭᠠᠯᠭ᠎ᠠ ᠶᠢᠨ ᠭᠠᠵᠠᠷ ᠤᠷᠤᠨ ᠪᠠ ᠲᠤᠭ᠎ᠠ ᠬᠡᠮᠵᠢᠶ᠎ᠡ ᠶᠢ ᠲᠤᠲᠤᠷᠬᠠᠶᠢᠯᠠᠵᠦ | ᠂ 6 ᠰᠤᠮᠤ ᠪᠠᠯᠭᠠᠰᠣᠨ ᠤ 20 ᠭᠠᠷᠤᠶ ᠲᠥᠪᠯᠡᠷᠡᠭᠦᠯᠦᠨ ᠲᠠᠷᠬᠠᠭᠠᠬᠤ ᠴᠢᠭ ᠢ ᠵᠣᠬᠢᠰᠲᠠᠶ ᠲᠣᠭᠲᠠᠭᠠᠵᠤ᠂ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ ᠨᠠᠶᠢᠳᠠᠨ ᠲᠡᠭᠡᠭᠡᠪᠦᠷᠢᠯᠡᠵᠦ᠂ ᠡᠯ᠎ᠡ ᠰᠤᠮᠤ ᠪᠠᠯᠭᠠᠰᠤ ᠨᠡᠭᠦᠷᠡᠰᠦᠨ ᠤ ᠵᠣᠭᠤᠰ ᠴᠤᠭᠯᠠᠭᠤᠯᠬᠤ ᠶᠢ | ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠲᠠᠷᠬᠠᠭᠠᠪᠠ᠃ | ᠣᠳᠣᠬᠠᠨ ᠪᠣᠯᠲᠠᠯ᠎ᠠ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ | ᠨᠡᠭᠦᠷᠡᠰᠦᠨ ᠤ ᠪᠠᠲᠤᠯᠠᠭ᠎ᠠ ᠶᠢᠨ ᠠᠵᠢᠯ ᠰᠢᠪᠲᠤᠷᠭᠠᠨ ᠳᠠᠭᠠᠨ ᠣᠷᠣᠵᠤ᠂ 14000 ᠭᠠᠷᠤᠶ ᠡᠷᠦᠬᠡ ᠳᠤ 30000 | ᠭᠠᠷᠤᠶ ᠲᠣᠨ ᠨᠡᠭᠦᠷᠡᠰᠦ ᠭᠦᠷᠭᠡᠵᠠᠢ᠃ | ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ︽ᠰᠠᠶᠢᠨ ᠶᠠᠪᠤᠳᠠᠯ ᠢ ᠰᠠᠶᠢᠲᠤᠷ ᠬᠢᠬᠦ︾ ᠶᠢ ᠪᠠᠷᠢᠮᠲᠠᠯᠠᠨ᠂ ᠳᠤᠯᠠᠭᠠᠯᠠᠭ᠎ᠠ ᠶᠢᠨ | ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ᠮᠠᠯᠴᠢᠳ ᠤᠨ ᠲᠤᠯᠠᠭᠠᠨ ᠪᠦᠯᠢᠶᠡᠨ ᠡᠪᠦᠯᠵᠢᠬᠦ ᠶᠢ ᠪᠥᠬᠦ | ᠬᠦᠴᠦᠨ ᠢᠶᠠᠷ ᠢᠶᠠᠨ ᠪᠠᠳᠤᠯᠠᠬᠤ ᠪᠤᠯᠥᠨ᠎ᠠ᠃ | ᠰᠤᠷᠪᠤᠯᠵᠢᠯᠠᠭᠴᠢ᠄ ᠪᠠᠷᠠᠭᠤᠨ ᠦᠵᠦᠮᠦᠴᠢᠨ ᠬᠤᠰᠢᠭᠤ ᠨᠢ ᠬᠦᠴᠢᠷᠳᠡᠯᠲᠡᠶ ᠣᠯᠠᠨ ᠲᠦᠮᠡᠨ ᠤ ᠬᠦᠴᠢᠷ | ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠶᠠᠮᠠᠷ ᠶᠠᠮᠠᠷ ︽ᠳᠤᠯᠠᠭᠠᠯᠠᠭ᠎ᠠ ᠶᠢᠨ ᠢᠨᠵᠧᠨᠧᠷᠢᠩ ︾ ᠢ | ᠬᠡᠷᠡᠭᠵᠢᠭᠦᠯᠦᠭᠰᠡᠨ ᠪᠣᠶ ︖ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠲᠤᠪᠴᠢᠶᠠᠨ ᠳᠡᠳ᠋ | ᠳᠠᠷᠤᠭ᠎ᠠ ᠢᠦᠶ ᠯᠢ ᠵᠢᠤᠸᠠᠨ᠄ ᠵᠢᠯ ᠤᠨ ᠡᠬᠢᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠯᠠᠭᠠᠯᠠᠭ᠎ᠠ ᠶᠢᠨ | ᠢᠨᠵᠧᠨᠧᠷᠢᠩ︾ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠦᠶᠯᠡᠴᠢᠯᠡᠭᠡᠨ ᠤ ᠴᠢᠳᠠᠪᠤᠷᠢ ᠶᠢ | ᠴᠢᠩᠭᠠᠳᠬᠠᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ︽ᠳᠤᠯᠠᠭᠠᠯᠠᠭ᠎ᠠ ᠶᠢᠨ | ᠢᠨᠵᠧᠨᠧᠷᠢᠩ︾ ᠤᠨ ᠠᠰᠢᠭ ᠲᠤᠰᠠ ᠢ ᠬᠦᠴᠢᠷᠳᠡᠯᠲᠡᠶ ᠣᠯᠠᠨ ᠲᠦᠮᠡᠨ ᠨᠢᠭᠡᠪᠦᠷᠢ ᠳᠤ ᠬᠦᠷᠳᠡᠭᠡᠵᠠᠢ᠃ | ᠲᠡᠰ ᠳᠠᠪᠬᠤᠷᠭ᠎ᠠ ᠲᠦᠷᠦᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠠᠯ᠎ᠠ ᠪᠠᠷ᠂ ᠬᠦᠴᠢᠷᠳᠡᠯᠲᠡᠢ | ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠪᠠᠲᠤᠯᠠᠬᠤ | ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠬᠦᠯᠵᠠᠢ᠃ ᠣᠲᠣ ᠪᠣᠯᠲᠠᠯ᠎ᠠ᠂ ᠲᠠᠩᠰᠠᠨ ᠳᠤ ᠪᠠᠶᠢᠭ᠎ᠠ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ 1801 ᠡᠷᠦᠬᠡ᠂ 2695 ᠬᠥᠮᠦᠨ᠂ | 1-11 ᠰᠠᠷ᠎ᠠ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ | 1534.16 ᠲᠦᠮᠡᠨ ᠲᠥᠭᠦᠷᠢᠭ ᠲᠠᠷᠬᠠᠭᠠᠪᠠ᠃ ᠲᠠᠩᠰᠠᠨ ᠳᠤ ᠪᠠᠶᠢᠭ᠎ᠠ ᠣᠨᠴᠠ ᠬᠦᠴᠢᠷᠳᠡᠯᠲᠡᠶ 138 | ᠬᠥᠮᠦᠨ ᠳᠤ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠭᠠᠯᠵᠠᠬᠤ 283.5 ᠲᠦᠮᠡᠨ ᠲᠥᠭᠦᠷᠢᠭ ᠤᠨ | ᠮᠥᠩᠭᠦ ᠲᠠᠷᠬᠠᠭᠠᠭᠰᠠᠨ ᠪᠥᠭᠡᠳ ᠣᠨᠴᠠ ᠬᠦᠴᠢᠷᠳᠡᠯᠲᠡᠶ ᠬᠥᠮᠦᠰ ᠲᠤ ᠬᠥᠮᠦᠨ ᠪᠦᠷᠢ ᠳᠤ ᠵᠢᠯ ᠪᠦᠷᠢ 6000 | ᠲᠥᠭᠦᠷᠢᠭ ᠤᠨ ᠨᠥᠬᠦᠪᠥᠷᠢ ᠥᠭᠴᠦ᠂ ᠨᠡᠶᠢᠲᠡ 83.2 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ ᠲᠦᠷ | ᠴᠠᠭ ᠤᠨ ᠠᠪᠤᠷᠠᠨ ᠲᠤᠰᠠᠯᠠᠯᠲᠠ 133 ᠬᠥᠮᠦᠨ ᠤᠳᠠᠭ᠎ᠠ ᠳᠤ ᠬᠦᠷᠴᠦ᠂ 40.8 ᠲᠦᠮᠡᠨ ᠲᠥᠭᠦᠷᠢᠭ ᠤᠨ | ᠠᠪᠤᠷᠠᠨ ᠲᠤᠰᠠᠯᠠᠯᠲᠠ ᠶᠢᠨ ᠮᠥᠩᠭᠦ ᠲᠠᠷᠬᠠᠭᠠᠪᠠ᠃ 11 ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ | ᠬᠥᠮᠦᠨ ᠥᠬᠡᠶ ᠬᠡᠤᠬᠡᠳ ᠲᠤ 28.71 ᠲᠦᠮᠡᠨ ᠲᠥᠭᠦᠷᠢᠭ ᠤᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ | ᠣᠯᠭᠤᠪᠠ᠃ | ᠵᠡᠮᠳᠡᠭᠴᠦᠳ ᠤᠨ ︽ᠬᠤᠶᠠᠷ ᠵᠦᠶᠯ ᠤᠨ ᠨᠥᠬᠦᠪᠥᠷᠢ︾ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠵᠦ᠂ 7 | ᠰᠠᠷ᠎ᠠ ᠠᠴᠠ ᠡᠬᠢᠯᠡᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 100 ᠲᠥᠭᠦᠷᠢᠭ | ᠪᠠᠶᠢᠭᠰᠠᠨ ᠠᠴᠠ 125 ᠲᠥᠭᠦᠷᠢᠭ ᠪᠣᠯᠭᠠᠨ ᠲᠡᠭᠡᠭᠰᠢᠯᠡᠬᠦᠯᠪᠡ᠃ 1-11 ᠰᠠᠷ᠎ᠠ ᠳᠤ 2274 ᠵᠡᠮᠳᠡᠭᠴᠦᠳ ᠲᠤ | ᠬᠤᠶᠠᠷ ᠵᠦᠶᠯ ᠤᠨ ᠨᠥᠬᠦᠪᠥᠷᠢ 273.9 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ | ᠨᠠᠰᠤᠲᠠᠶᠢᠴᠤᠳ ᠤᠨ ᠨᠥᠬᠦᠪᠥᠷᠢ ᠶᠢ ᠨᠠᠷᠢᠯᠢᠭ ᠤᠨᠤᠪᠴᠢᠲᠠᠢ ᠪᠠᠷ ᠨᠠᠶᠢᠳᠠᠪᠤᠷᠢᠵᠢᠭᠤᠯᠵᠤ᠂ 1-11 ᠰᠠᠷ᠎ᠠ ᠳᠤ | ᠠᠵᠤ ᠠᠬᠤᠶ ᠶᠢᠨ ᠬᠦᠴᠢᠷᠳᠡᠯ ᠲᠠᠢ 279 ᠨᠠᠰᠤᠲᠠᠶᠢᠴᠤᠳ ᠲᠤ 14.5 ᠲᠦᠮᠡᠨ ᠲᠥᠭᠦᠷᠢᠭ ᠤᠨ ᠨᠠᠰᠤᠵᠢᠯ ᠤᠨ | ᠠᠰᠠᠷᠠᠮᠵᠢ ᠶᠢᠨ ᠦᠶᠯᠡᠴᠢᠯᠡᠭᠡᠨ ᠤ ᠨᠥᠬᠦᠪᠥᠷᠢ ᠣᠯᠭᠤᠵᠤ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ | ᠥᠬᠡᠶ 52 ᠬᠦᠴᠢᠷᠳᠡᠯ ᠲᠠᠢ ᠨᠠᠰᠤᠲᠠᠶᠢᠴᠤᠳ ᠲᠤ 3.41 ᠲᠦᠮᠡᠨ ᠲᠥᠭᠦᠷᠢᠭ ᠤᠨ ᠠᠰᠠᠷᠠᠮᠵᠢ ᠶᠢᠨ ᠨᠥᠬᠦᠪᠥᠷᠢ | ᠣᠯᠭᠤᠵᠤ᠂ ᠥᠨᠳᠥᠷ ᠨᠠᠰᠤᠲᠠᠶ 1800 ᠨᠠᠰᠤᠲᠠᠶᠢᠴᠤᠳ ᠲᠤ 228.84 ᠲᠦᠮᠡᠨ ᠲᠥᠭᠦᠷᠢᠭ ᠤᠨ ᠨᠥᠬᠦᠪᠥᠷᠢ | ᠣᠯᠭᠤᠪᠠ᠃ | ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠶᠢᠨ ᠦᠶᠯᠡᠰ ᠤᠨ ᠬᠠᠪᠰᠤᠷᠤᠨ | ᠲᠡᠳᠬᠦᠬᠦ ᠶᠢ ᠪᠦᠲᠦᠮᠵᠢᠲᠡᠶ ᠵᠣᠯᠭᠠᠭᠤᠯᠬᠤ ᠶᠢ ᠢᠳᠡᠪᠬᠢᠲᠡᠶ ᠳᠥᠯᠭᠢᠨ ᠠᠬᠢᠭᠤᠯᠵᠤ᠂ 10 ᠲᠦᠮᠡᠨ ᠲᠥᠭᠦᠷᠢᠭ ᠤᠨ | ᠪᠠᠯᠠ ᠣᠷᠣᠭᠤᠯᠤᠨ ᠨᠢᠭᠦᠯᠡᠰᠦᠩᠭᠦᠶ ᠶᠢᠨ ᠦᠶᠯᠡᠰ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠨᠡᠶᠢᠲᠡ | 72 ᠬᠥᠮᠦᠨ ᠢ ᠬᠠᠪᠰᠤᠷᠤᠨ ᠲᠡᠳᠬᠦᠪᠡ᠃ 9 ᠰᠠᠷ᠎ᠠ ᠳᠤ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠶ | ᠶᠢᠨ ᠦᠶᠯᠡᠰ ᠤᠨ ᠶᠡᠷᠦᠩᠬᠡᠶ ᠡᠪᠯᠡᠯ ᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠳᠠᠭᠠᠳᠬᠠᠯ ᠤᠨ | ᠲᠤᠷᠰᠢᠯᠲᠠ ᠶᠢᠨ ᠴᠡᠭ ᠤᠨ ᠲᠥᠷᠥᠯ ᠵᠦᠶᠯ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠡᠲᠡᠭᠡᠳ ᠲᠤ 7 | ᠲᠥᠷᠥᠯ ᠤᠨ ᠬᠦᠴᠢᠷᠳᠡᠯᠲᠡᠶ ᠡᠳᠡᠭᠡᠳ ᠪᠠ 3 ᠲᠥᠷᠥᠯ ᠤᠨ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ | ᠠᠵᠢᠯᠲᠠᠨ ᠪᠠᠭᠳᠠᠬᠤ ᠪᠤᠯᠥᠨ᠎ᠠ᠃ | ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ | ᠲᠤᠪᠴᠢᠶᠠᠨ ᠠᠴᠠ ᠣᠷᠣᠯᠭ᠎ᠠ ᠪᠠᠭᠠᠲᠠᠶ ᠬᠥᠮᠦᠨ ᠠᠮᠠ ᠶᠢᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ | ᠣᠷᠣᠯᠭ᠎ᠠ ᠪᠠᠭᠠᠲᠠᠶ ᠬᠥᠮᠦᠨ ᠠᠮᠠ ᠶᠢ ᠢᠯᠭᠠᠨ ᠲᠠᠨᠢᠵᠤ ᠮᠠᠭᠠᠳᠯᠠᠨ ᠲᠣᠭᠲᠠᠭᠠᠬᠤ ᠠᠵᠢᠯ ᠢ ᠭᠦᠨᠵᠡᠭᠡᠶ ᠥᠷᠨᠢᠭᠦᠯᠵᠦ | ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠠᠰ ᠬᠤᠪᠢᠶᠠᠨ ᠪᠦᠷᠢᠨᠰᠢᠬᠦᠯᠵᠦ᠂ ᠪᠠᠲᠤᠯᠠᠭ᠎ᠠ ᠶᠢᠨ ᠪᠠᠯᠠ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠶᠴᠡᠳ ᠲᠠᠷᠬᠠᠭᠠᠵᠤ᠂ ︽ᠨᠢᠭᠦᠯᠡᠰᠦᠩᠭᠦᠶ ᠶᠢᠨ ᠦᠶᠯᠡᠰ + | ᠠᠪᠤᠷᠠᠨ ᠲᠤᠰᠠᠯᠠᠬᠤ︾ ᠦᠶᠯᠡᠴᠢᠯᠡᠭᠡᠨ ᠤ ᠲᠠᠰ ᠳᠡᠪᠰᠢᠬᠦ ᠶᠢ ᠰᠦᠪᠡᠭᠴᠢᠯᠡᠨ ᠠᠬᠢᠭᠤᠯᠬᠤ ᠪᠤᠯᠥᠨ᠎ᠠ᠃ |