ᠨᠢᠭᠡ ᠵᠢᠯ ᠤᠨ ᠬᠠᠭᠠᠰ ᠨᠢ ᠥᠩᠭᠡᠷᠡᠬᠦ ᠪᠠᠷ ︽ᠬᠤᠭᠤᠴᠠᠭᠠᠨ ᠳᠤᠮᠳᠠᠬᠢ ᠰᠢᠯᠭᠠᠯᠲᠠ︾ ᠶᠢᠨ ᠬᠢᠷᠢ ᠪᠦᠲᠦᠮᠵᠢ ᠶᠠᠮᠠᠷ | ᠵᠡᠷᠭᠡ ᠪᠠᠶᠢᠬᠤ ᠨᠢ ᠤᠯᠠᠨ ᠤ ᠠᠩᠬᠠᠷᠤᠯ ᠢ ᠤᠨᠴᠠᠭᠠᠢ ᠲᠠᠲᠠᠨ᠎ᠠ᠃ | ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ | ᠲᠦᠷᠦᠭᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠳᠠᠪᠠᠵᠤ᠂ ᠠᠳᠠᠯᠢ ᠬᠤᠭᠤᠴᠠᠭᠠᠨ ᠤ ᠪᠦᠭᠦ | ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.5 ᠬᠤᠪᠢ ᠳᠠᠪᠠᠪᠠ᠃ | 7.5% ᠶᠢᠨ ᠨᠡᠮᠡᠭᠳᠡᠯ ᠪᠣᠯ ᠭᠢᠯᠪᠡᠷ ᠪᠤᠰᠤ ᠠᠮᠵᠢᠯᠲᠠ ᠶᠤᠮᠰᠠᠨ᠂ ᠡᠨᠡ ᠪᠣᠯ ᠨᠡᠭᠦᠷᠡᠰᠦ ᠵᠡᠷᠭᠡ ᠭᠤᠣᠯ ᠪᠤᠯᠬᠤ | ᠡᠨᠧᠷᠭᠢ ᠶᠢᠨ ᠦᠢᠯᠡᠳᠬᠦᠨ ᠤ ᠦᠨ᠎ᠡ ᠬᠠᠩᠰᠢ ᠨᠡᠶᠢᠳᠡᠮ ᠳᠣᠣᠷ᠎ᠠ ᠮᠥᠷᠲᠡᠭᠡᠨ ᠬᠡᠷᠡᠭᠴᠡᠭᠡ ᠭᠦᠢᠴᠡᠳ ᠪᠤᠰᠤ ᠭᠠᠳᠠᠭᠠᠳᠤ | ᠣᠷᠴᠢᠨ ᠨᠥᠬᠦᠴᠡᠯ ᠤᠨ ᠳᠣᠣᠷ᠎ᠠ ᠣᠯᠣᠭᠰᠠᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ | ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠬᠠᠷᠠᠭᠤᠯᠤᠭᠰᠠᠨ᠂ ᠨᠡᠩ ᠴᠤ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠠ ᠳᠤᠭᠢᠶᠠᠯ ᠢ ᠪᠠᠲᠤ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ | ᠪᠠᠶᠢᠷᠢ ᠲᠣᠭᠲᠠᠭᠠᠯᠲᠠ ᠪᠠᠨ ᠤᠨᠤᠪᠴᠢᠳᠠᠢ ᠣᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠦᠷᠭᠦᠯᠵᠢᠯᠡᠨ | ᠤᠷᠤᠭᠰᠢᠯᠠᠬᠤ ᠳᠠᠭᠠᠨ ᠬᠤᠷᠠᠮᠳᠤᠭᠤᠯᠤᠭᠰᠠᠨ ᠬᠦᠴᠦᠷᠬᠡᠭ ᠶᠡᠭᠡ ᠬᠥᠭᠵᠢᠯᠲᠡ ᠶᠢᠨ ᠡᠷᠴᠢ ᠬᠦᠴᠦᠨ ᠪᠠ ᠬᠥᠳᠡᠯᠭᠡᠬᠦ | ᠡᠨᠧᠷᠭᠢ ᠶᠢ ᠢᠯᠡᠷᠡᠭᠦᠯᠦᠭᠰᠡᠨ ᠠᠮᠵᠢᠯᠲᠠ ᠪᠢᠯᠡ᠃ | 7.5% ᠶᠢᠨ ᠬᠦᠨᠳᠦᠴᠡ ᠬᠡᠳᠦᠢ ᠶᠡᠭᠡ ᠪᠤᠢ︖ ᠡᠭᠦᠨ ᠤ ᠬᠠᠷᠢᠭᠤᠯᠲᠠ ᠨᠢ ᠥᠪᠥᠷ ᠮᠣᠩᠭᠤᠯ ᠤᠨ ᠰᠢᠨ᠎ᠡ | ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠡᠵᠤ᠂ ᠰᠢᠨ᠎ᠡ ᠡᠨᠧᠷᠭᠢ ᠶᠢᠨ ᠬᠦᠷᠢᠶᠡᠨ ᠳᠤ ᠲᠠᠭᠢᠨ ᠨᠢᠭᠡ ᠠᠵᠤ | ᠦᠢᠯᠡᠳᠪᠦᠷᠢ ᠶᠢᠨ ᠥᠪᠥᠷ ᠮᠣᠩᠭᠤᠯ ᠢ ᠴᠣᠭᠴᠠᠯᠠᠬᠤ ᠪᠠᠷ ᠴᠢᠷᠮᠠᠶᠢᠬᠤ ᠲᠡᠮᠡᠴᠡᠯ ᠤᠨ ᠦᠢᠯᠡᠳᠦᠯᠭᠡ ᠳᠤ ᠪᠤᠢ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠨ᠂ | ᠰᠢᠨ᠎ᠡ ᠡᠨᠧᠷᠭᠢ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠠᠯ᠎ᠠ ᠪᠠᠷ | ᠰᠢᠨ᠎ᠡ ᠡᠨᠧᠷᠭᠢ ᠶᠢ ᠨᠡᠭᠡᠭᠡᠵᠦ ᠬᠥᠭᠵᠢᠭᠦᠯᠬᠦ ᠶᠢ ᠠᠳᠬᠤᠨ᠂ ᠨᠦᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠲᠣᠨᠣᠭᠯᠠᠯ | ᠦᠢᠯᠡᠳᠬᠦ᠂ ᠡᠵᠡᠩᠨᠡᠨ ᠬᠠᠮᠢᠶᠠᠷᠬᠤ ᠦᠢᠯᠡᠴᠢᠯᠡᠭᠡ ᠵᠡᠷᠭᠡ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠵᠤ ᠦᠢᠯᠡᠰ ᠤᠨ | ᠬᠥᠭᠵᠢᠯᠲᠡ ᠶᠢ ᠠᠳᠬᠤᠵᠤ᠂ ᠰᠢᠨ᠎ᠡ ᠡᠨᠧᠷᠭᠢ ᠶᠢᠨ ᠠᠵᠤ ᠦᠢᠯᠡᠰ ᠨᠢᠰᠬᠦ ᠮᠡᠲᠦ ᠲᠦᠷᠭᠡᠨ ᠬᠥᠭᠵᠢᠯᠲᠡ ᠲᠠᠢ ᠪᠣᠯᠵᠠᠢ᠃ | ᠡᠨᠡ ᠵᠢᠯ ᠤᠨ 5 ᠰᠠᠷ᠎ᠠ ᠶᠢᠨ ᠰᠡᠭᠦᠯᠴᠢ ᠪᠤᠯᠳᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 10158 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠴᠦᠨ ᠤ ᠮᠠᠰᠢᠨ | ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢᠨ 45% ᠶᠢ ᠡᠵᠡᠯᠡᠬᠦ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ ᠵᠠᠭᠤᠨ ᠤ ᠬᠠᠷᠢᠴᠠᠯ ᠢᠶᠠᠷ 7.3 ᠬᠤᠪᠢ ᠳᠠᠪᠠᠵᠤ᠂ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠪᠠ᠃ | ᠡᠨᠡ ᠨᠢ ᠬᠡᠪᠴᠢᠶ᠎ᠡ ᠶᠢᠨ ᠰᠢᠪᠲᠤᠯᠤᠯᠲᠠ ᠲᠡᠳᠦᠢ ᠪᠢᠰᠢ᠂ ᠨᠡᠩ ᠴᠤ ᠶᠠᠰᠤ ᠴᠢᠨᠠᠷ ᠤᠨ ᠰᠢᠪᠲᠤᠯᠤᠯᠲᠠ ᠪᠠᠶᠢᠵᠤ᠂ ᠪᠦᠭᠦ | ᠣᠷᠣᠨ ᠤ ᠴᠠᠭᠢᠯᠭᠠᠨ ᠬᠦᠴᠦᠨ ᠤ ︽ᠪᠣᠬᠢᠷᠳᠤᠯ ᠦᠭᠡᠢ ᠶᠢᠨ ᠬᠡᠮᠵᠢᠶ᠎ᠡ︾ ᠠᠯᠬᠤᠮ ᠠᠯᠬᠤᠮ ᠢᠶᠠᠷ ᠨᠡᠮᠡᠭᠳᠡᠭᠰᠡᠨ ᠪᠠᠶᠢᠨ᠎ᠠ᠃ | ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ | ᠡᠨᠧᠷᠭᠢ ᠪᠠᠷ ᠴᠠᠭᠢᠯᠭᠠᠨ ᠭᠠᠷᠭᠠᠭᠰᠠᠨ ᠬᠡᠮᠵᠢᠶ᠎ᠡ 947.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ︔ ᠰᠢᠨ᠎ᠡ ᠡᠨᠧᠷᠭᠢ ᠪᠠᠷ ᠴᠠᠭᠢᠯᠭᠠᠨ ᠭᠠᠷᠭᠠᠭᠰᠠᠨ ᠬᠡᠮᠵᠢᠶ᠎ᠡ | ᠨᠢ ᠪᠦᠭᠦ ᠴᠠᠭᠢᠯᠭᠠᠨ ᠭᠠᠷᠭᠠᠭᠰᠠᠨ ᠬᠡᠮᠵᠢᠶ᠎ᠡ ᠶᠢᠨ 24.3% ᠶᠢ ᠡᠵᠡᠯᠡᠵᠦ᠂ ᠡᠵᠡᠯᠡᠬᠦ ᠬᠠᠷᠢᠴᠠᠯ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.9 ᠬᠤᠪᠢ ᠳᠡᠭᠡᠭᠰᠢᠯᠡᠪᠡ᠃ ᠡᠭᠦᠨ ᠳᠤ ᠰᠠᠯᠬᠢᠨ ᠬᠦᠴᠦ ᠪᠠᠷ | 792.4 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 18. | 6% ᠪᠠᠷ ᠨᠡᠮᠡᠭᠳᠡᠨ᠂ ᠭᠡᠷᠡᠯᠴᠢ ᠴᠡᠨᠡᠭ ᠢᠶᠠᠷ 147.5 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 43.1% ᠪᠠᠷ ᠨᠡᠮᠡᠭᠳᠡᠪᠡ᠃ | ᠡᠳᠦᠭᠡ ᠥᠪᠥᠷ ᠮᠣᠩᠭᠤᠯ ᠶᠠᠭ ᠪᠦᠭᠦ ᠤᠯᠤᠰ ᠲᠤ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠣᠯ ᠴᠣᠭᠴᠠ | ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠴᠣᠭᠴᠠᠯᠠᠬᠤ ᠬᠠᠷᠠᠯᠲᠠ ᠶᠢ ᠪᠠᠲᠤ ᠡᠵᠡᠮᠳᠡᠨ᠂ ᠰᠢᠨ᠎ᠡ | ᠡᠨᠧᠷᠭᠢ ᠶᠢ ᠨᠡᠭᠡᠭᠡᠵᠦ ᠬᠥᠭᠵᠢᠭᠦᠯᠬᠦ ᠪᠠ ᠲᠣᠨᠣᠭᠯᠠᠯ ᠦᠢᠯᠡᠳᠬᠦ ᠦᠢᠯᠡᠰ ᠢ ᠱᠠᠯᠠᠪᠳᠠᠭᠤᠯᠤᠨ ᠬᠥᠭᠵᠢᠭᠦᠯᠵᠦ ᠪᠠᠶᠢᠨ᠎ᠠ᠃ | ᠵᠢᠱᠢᠯᠲᠡ ᠪᠠᠷ ᠵᠢᠯ ᠤᠨ ᠡᠴᠦᠰ ᠪᠤᠯᠬᠤ ᠳᠤ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ | ᠪᠠᠭᠲᠠᠭᠠᠮᠵᠢ 1.3 ᠳ᠋ᠦᠩᠰᠢᠭᠤᠷ ᠺᠢᠯᠣᠸᠠᠲ ᠢ ᠳᠠᠪᠠᠭᠤ ᠪᠣᠯᠣᠨ᠎ᠠ᠃ | 7.5% ᠶᠢᠨ ᠬᠦᠨᠳᠦᠴᠡ ᠬᠡᠳᠦᠢ ᠶᠡᠭᠡ ᠪᠤᠢ︖ ᠡᠭᠦᠨ ᠤ ᠬᠠᠷᠢᠭᠤᠯᠲᠠ ᠨᠢ ᠥᠪᠥᠷ ᠮᠣᠩᠭᠤᠯ ᠤᠨ ᠲᠡᠷᠢᠭᠦᠨ ᠤ | ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠦᠢᠯᠡᠳᠬᠦ ᠦᠢᠯᠡᠰ ᠤᠨ | ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠬᠤ ᠲᠡᠮᠡᠴᠡᠯ ᠤᠨ ᠦᠢᠯᠡᠳᠦᠯᠭᠡ ᠳᠤ ᠪᠤᠢ᠃ | ᠦᠢᠯᠡᠳᠬᠦ ᠦᠢᠯᠡᠰ ᠪᠣᠯ ᠠᠵᠤ ᠦᠢᠯᠡᠳᠪᠦᠷᠢ ᠶᠢᠨ ᠭᠤᠣᠯ ᠲᠤᠯᠭᠠᠭᠤᠷᠢ᠂ ᠠᠵᠤ ᠦᠢᠯᠡᠳᠪᠦᠷᠢ ᠶᠢᠨ ᠪᠦᠲᠦᠴᠡ ᠳᠤ | ᠲᠣᠬᠢᠷᠠᠭᠤᠯᠤᠯᠲᠠ ᠬᠢᠵᠦ᠂ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ︽ᠭᠤᠣᠯ ᠳᠠᠶᠢᠯᠠᠯᠳᠤᠭᠠᠨ ᠤ ᠲᠠᠯᠠᠪᠤᠷ︾ ᠮᠥᠨ᠃ | ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ ᠦᠢᠯᠡᠳᠬᠦ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ ᠦᠢᠯᠡᠳᠬᠦ ᠦᠢᠯᠡᠰ ᠤᠨ | ᠶᠡᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠤ | ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠬᠤ ᠶᠢ ᠳᠠᠶᠢᠴᠢᠯᠠᠬᠤ ᠪᠠᠷ ᠭᠤᠣᠯ | ᠰᠢᠵᠢᠮ ᠪᠤᠯᠭᠠᠵᠤ᠂ ᠠᠵᠤ ᠦᠢᠯᠡᠰ ᠤᠨ ᠬᠡᠯᠬᠢᠶ᠎ᠡ ᠶᠢ ᠡᠴᠦᠰ ᠤᠨ ᠦᠢᠯᠡᠳᠬᠦᠨ ᠲᠡᠶᠢᠰᠢ ᠤᠷᠲᠤᠳᠬᠠᠬᠤ᠂ ᠦᠷᠳᠡᠭ ᠤᠨ | ᠬᠡᠯᠬᠢᠶ᠎ᠡ ᠶᠢ ᠳᠤᠮᠳᠠ ᠳᠡᠭᠡᠳᠦ ᠳᠡᠰ ᠲᠡᠶᠢᠰᠢ ᠳᠡᠰ ᠳᠡᠪᠰᠢᠭᠦᠯᠬᠦ ᠶᠢ ᠪᠡᠶᠡᠯᠡᠭᠦᠯᠵᠦ᠂ ᠠᠵᠤ ᠦᠢᠯᠡᠰ ᠤᠨ ᠪᠦᠲᠦᠴᠡ ᠳᠤ | ᠲᠣᠬᠢᠷᠠᠭᠤᠯᠤᠯᠲᠠ ᠬᠢᠵᠦ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠵᠡᠢ᠃ | ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ | ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ 2023 ᠣᠨ ᠤ 4 ᠰᠠᠷ᠎ᠠ ᠠᠴᠠ | ᠨᠠᠭᠠᠰᠢᠬᠢ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠬᠠᠨᠳᠤᠰᠢ ᠶᠢ ᠦᠷᠭᠦᠯᠵᠢᠯᠡᠨ ᠪᠠᠲᠤᠯᠠᠪᠠ᠃ ᠡᠭᠦᠨ ᠳᠤ ᠲᠣᠨᠣᠭᠯᠠᠯ | ᠦᠢᠯᠡᠳᠬᠦ ᠦᠢᠯᠡᠰ ᠤᠨ ᠨᠡᠮᠡᠭᠳᠡᠯ ᠤᠨ ᠡᠷᠴᠢᠮ ᠨᠢ ᠨᠡᠩ ᠴᠢᠩᠭ᠎ᠠ ᠪᠠᠶᠢᠵᠤ᠂ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41. | 3% ᠪᠠᠷ ᠨᠡᠮᠡᠭᠳᠡᠨ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ | ᠲᠦᠪᠰᠢᠨ ᠠᠴᠠ ᠵᠠᠭᠤᠨ ᠤ ᠬᠠᠷᠢᠴᠠᠯ ᠢᠶᠠᠷ 33.8 ᠬᠤᠪᠢ ᠳᠠᠪᠠᠵᠠᠢ᠃ ᠳᠡᠭᠡᠳᠦ ᠳᠡᠰ ᠤᠨ ᠲᠣᠨᠣᠭᠯᠠᠯ ᠦᠢᠯᠡᠳᠬᠦ | ᠦᠢᠯᠡᠰ ᠤᠨ ᠬᠥᠭᠵᠢᠯᠲᠡ ᠶᠢᠨ ᠡᠷᠴᠢᠮ ᠴᠤ ᠴᠢᠩᠭᠠᠷᠠᠵᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 32. | 4% ᠪᠠᠷ ᠨᠡᠮᠡᠭᠳᠡᠨ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ | ᠲᠦᠪᠰᠢᠨ ᠠᠴᠠ ᠵᠠᠭᠤᠨ ᠤ ᠬᠠᠷᠢᠴᠠᠯ ᠢᠶᠠᠷ 24.9 ᠬᠤᠪᠢ ᠳᠠᠪᠠᠪᠠ᠃ ᠦᠢᠯᠡᠳᠬᠦ ᠦᠢᠯᠡᠰ ᠤᠳᠤ ᠶᠠᠭ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠵᠤ ᠪᠠᠶᠢᠨ᠎ᠠ᠃ | ᠣᠳᠣᠬᠠᠨ ᠳᠤ ᠥᠪᠥᠷ ᠮᠣᠩᠭᠤᠯ ᠶᠠᠭ ᠳᠡᠭᠡᠳᠦ ᠳᠡᠰ ᠤᠨ ᠲᠣᠨᠣᠭᠯᠠᠯ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠨᠣᠣᠰᠣ ᠨᠣᠣᠯᠣᠭᠤᠷ ᠤᠨ ᠨᠡᠬᠡᠮᠡᠯ᠂ | ᠢᠳᠡᠭᠡᠨ ᠪᠤᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ | ᠦᠢᠯᠡᠰ ᠤᠨ ᠲᠣᠭᠤᠷᠢᠨ ᠳᠤ ︽139︾ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠰᠢᠰᠲ᠋ᠧᠮ ᠢ ᠱᠠᠯᠠᠪᠳᠠᠨ | ᠪᠠᠶᠢᠭᠤᠯᠵᠤ ᠪᠤᠢ᠃ ᠡᠨᠡ ᠨᠢ ᠳᠠᠷᠤᠢ 1 ᠳᠡᠯᠡᠬᠡᠢ ᠶᠢᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ 3 | ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ 9 ᠥᠪᠡᠷᠲᠡᠭᠡᠨ ᠵᠠᠰᠠᠬᠤ ᠣᠷᠣᠨ ᠤ ᠳᠡᠰ ᠤᠨ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠠᠶᠢᠭᠤᠯᠵᠤ᠂ ᠳᠡᠯᠡᠬᠡᠢ ᠶᠢᠨ ᠳᠡᠰ ᠤᠨ ᠪᠦᠯᠦᠭᠵᠢᠯ ᠢᠶᠠᠷ ᠤᠳᠤᠷᠢᠳᠤᠮᠵᠢ | ᠪᠤᠯᠭᠠᠵᠤ᠂ ᠤᠯᠤᠰ ᠤᠨ ᠳᠡᠰ ᠤᠨ ᠪᠦᠯᠦᠭᠵᠢᠯ ᠢᠶᠠᠷ ᠭᠤᠣᠯᠯᠠᠭᠴᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠪᠦᠯᠦᠭᠵᠢᠯ ᠢᠶᠠᠷ ᠰᠠᠭᠤᠷᠢ ᠪᠤᠯᠭᠠᠬᠰᠠᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠰᠢᠰᠲ᠋ᠧᠮ ᠢ ᠠᠩᠬ᠎ᠠ | ᠠᠯᠬᠤᠮ ᠪᠦᠷᠢᠯᠳᠦᠭᠦᠯᠦᠨ᠂ ᠦᠢᠯᠡᠳᠬᠦ ᠦᠢᠯᠡᠰ ᠤᠨ ᠳᠡᠭᠡᠳᠦ ᠳᠡᠰᠵᠢᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢ | ᠵᠢᠭᠠᠵᠤ ᠪᠠᠶᠢᠨ᠎ᠠ᠃ | 7.5% ᠶᠢᠨ ᠨᠡᠮᠡᠭᠳᠡᠯ ᠤᠨ ᠬᠤᠷᠳᠤᠴᠠ ᠪᠣᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠪᠠᠷ ᠰᠠᠶᠢᠵᠢᠷᠠᠭᠰᠠᠨ ᠤ ᠴᠢᠬᠤᠯᠠ ᠫᠠᠷᠠᠮᠧᠲᠷ ᠪᠣᠯᠣᠨ᠎ᠠ᠃ | ᠡᠨᠡ ᠬᠦ ︽ᠬᠤᠭᠤᠴᠠᠭᠠᠨ ᠳᠤᠮᠳᠠᠬᠢ ᠰᠢᠯᠭᠠᠯᠲᠠ︾ ᠶᠢ ᠨᠠᠷᠢᠨ ᠰᠢᠨᠵᠢᠯᠡᠪᠡᠯ᠂ ᠠᠵᠤ ᠦᠢᠯᠡᠰ ᠤᠨ ᠰᠢᠨ᠎ᠡ ᠲᠡᠶᠢᠰᠢ᠂ | ᠣᠶᠤᠨᠴᠢᠯᠠᠭᠰᠠᠨ ᠲᠡᠶᠢᠰᠢ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠠᠨᠳᠤᠰᠢ ᠨᠡᠩ ᠲᠣᠪᠣᠶᠢᠮ᠎ᠠ ᠪᠣᠯᠵᠤ᠂ | ᠬᠥᠳᠡᠯᠭᠡᠬᠦ ᠬᠦᠴᠦᠨ ᠢᠶᠠᠷ ᠨᠡᠩ ᠴᠢᠩᠭ᠎ᠠ᠂ ᠪᠦᠲᠦᠴᠡ ᠪᠠᠷ ᠨᠡᠩ ᠰᠢᠯᠢᠳᠡᠭ᠂ ᠦᠷ᠎ᠡ ᠠᠰᠢᠭ ᠢᠶᠠᠷ ᠨᠡᠩ ᠥᠨᠳᠥᠷ ᠠᠵᠤ | ᠠᠬᠤᠢ ᠶᠢᠨ ᠨᠡᠮᠡᠭᠳᠡᠯ ᠶᠠᠭ ᠪᠦᠭᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠦᠨᠳᠦᠴᠡ | ᠶᠢ ᠲᠠᠰᠤᠷᠠᠯᠳᠠ ᠦᠭᠡᠢ ᠨᠡᠮᠡᠭᠳᠡᠭᠦᠯᠵᠦ ᠪᠤᠢ᠃ | ︽ᠬᠤᠭᠤᠴᠠᠭᠠᠨ ᠳᠤᠮᠳᠠᠬᠢ ᠰᠢᠯᠭᠠᠯᠲᠠ︾ᠪᠣᠯ ︽ᠬᠢᠷᠢ ᠪᠦᠲᠦᠮᠵᠢ ᠶᠢᠨ ᠬᠠᠭᠤᠳᠠᠰᠤ︾ ᠪᠤᠯᠬᠤ ᠪᠥᠭᠡᠳ ︽ᠴᠢᠭᠯᠡᠯ ᠤᠨ | ᠵᠢᠷᠤᠭ︾ ᠶᠤᠮᠰᠠᠨ᠃ ᠪᠦᠭᠦ ᠵᠢᠯ ᠤᠨ ᠠᠵᠤ ᠠᠬᠤᠢ ᠶᠢᠨ ᠬᠠᠨᠳᠤᠰᠢ ᠶᠢ ᠲᠣᠭᠲᠠᠭᠠᠬᠤ ︽ᠳᠣᠣᠷ᠎ᠠ ᠬᠠᠭᠠᠰ ᠲᠠᠯᠠᠪᠤᠷ︾ ᠤᠨ | ᠤᠷᠤᠯᠳᠤᠭᠠᠨ ᠤ ᠵᠠᠮ ᠳᠤ ᠣᠷᠣᠬᠤᠶ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠢᠯᠠᠯᠲᠠ ᠶᠢᠨ | ᠡᠷᠴᠢᠨ ᠳᠡᠭᠡᠷ᠎ᠡ ᠪᠠᠨ ᠳᠠᠬᠢᠨᠲᠠ ᠰᠢᠨ᠎ᠡ ᠳᠡᠭᠲᠡᠷ ᠲᠤ ᠭᠠᠷᠬᠤ ᠪᠠᠷ ᠴᠢᠷᠮᠠᠶᠢᠬᠤ ᠴᠢᠬᠤᠯᠠᠲᠠᠢ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠳᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠠᠴᠠ ᠰᠢᠨ᠎ᠡ | ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠦᠷᠭᠦᠯᠵᠢᠯᠡᠨ ᠪᠠᠷᠢᠮᠲᠠᠯᠠᠵᠤ᠂ ᠠᠵᠤ ᠦᠢᠯᠡᠰ ᠤᠨ ᠳᠡᠭᠡᠳᠦ ᠳᠡᠰᠵᠢᠭᠰᠡᠨ | ᠣᠶᠤᠨᠴᠢᠯᠠᠭᠰᠠᠨ ᠪᠣᠬᠢᠷᠳᠤᠯ ᠦᠭᠡᠢ ᠲᠡᠶᠢᠰᠢ ᠬᠥᠭᠵᠢᠬᠦ ᠶᠢ ᠢᠳᠡᠪᠬᠢᠲᠡᠢ ᠠᠬᠢᠭᠤᠯᠤᠨ᠂ ︽5 + 5 + 6︾ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠱᠠᠯᠠᠪᠳᠠᠨ ᠴᠣᠭᠴᠠᠯᠠᠬᠤ ᠪᠣᠯᠣᠨ᠎ᠠ᠃ ︽5 + 5 + 6︾ ᠨᠢ ᠳᠠᠷᠤᠢ | ᠡᠨᠧᠷᠭᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠵᠡᠷᠭᠡ 5 ᠤᠯᠠᠮᠵᠢᠯᠠᠯᠲᠤ ᠠᠵᠤ ᠦᠢᠯᠡᠰ᠂ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠮᠢᠳᠤ ᠪᠣᠳᠠᠰ ᠤᠨ | ᠡᠮ ᠡᠮᠨᠡᠯᠭᠡ ᠵᠡᠷᠭᠡ 5 ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠡᠨᠧᠷᠭᠢ᠂ ᠢᠷᠡᠭᠡᠳᠦᠢ ᠶᠢᠨ ᠮᠠᠲ᠋ᠧᠷᠢᠶᠠᠯ᠂ | ᠢᠷᠡᠭᠡᠳᠦᠢ ᠶᠢᠨ ᠦᠢᠯᠡᠳᠬᠡᠯ᠂ ᠢᠷᠡᠭᠡᠳᠦᠢ ᠶᠢᠨ ᠮᠡᠳᠡᠭᠡ ᠵᠠᠩᠭᠢ᠂ ᠢᠷᠡᠭᠡᠳᠦᠢ ᠶᠢᠨ ᠡᠷᠡᠭᠦᠯ ᠮᠡᠨᠳᠤ᠂ ᠢᠷᠡᠭᠡᠳᠦᠢ ᠶᠢᠨ ᠣᠷᠣᠨ | ᠵᠠᠢ ᠵᠡᠷᠭᠡ 6 ᠢᠷᠡᠭᠡᠳᠦᠢ ᠶᠢᠨ ᠠᠵᠤ ᠦᠢᠯᠡᠰ ᠢ ᠵᠢᠭᠠᠵᠤ ᠪᠤᠢ᠃ | - ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠵᠦ ᠳᠡᠰ ᠳᠡᠪᠰᠢᠭᠦᠯᠦᠨ᠎ᠡ᠃ ᠶᠡᠭᠡ ᠬᠡᠪᠴᠢᠶᠡᠨ ᠤ ᠮᠡᠷᠭᠡᠵᠢᠯ ᠤᠨ | ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠬᠦᠭᠡᠷᠦᠮᠵᠢ ᠶᠢ ᠰᠢᠨᠡᠴᠢᠯᠡᠬᠦ᠂ ᠤᠷ᠎ᠠ | ᠮᠡᠷᠭᠡᠰᠢᠯ ᠢ ᠳᠡᠰ ᠳᠡᠪᠰᠢᠭᠦᠯᠬᠦ᠂ ᠲᠣᠭᠠᠴᠢᠯᠠᠭᠰᠠᠨ ᠮᠡᠷᠭᠡᠵᠢᠯ ᠢᠶᠠᠷ ᠬᠥᠳᠡᠯᠭᠡᠬᠦ ᠬᠦᠴᠦᠨ ᠨᠡᠮᠡᠷᠢᠯᠡᠬᠦ᠂ ᠬᠠᠮᠢᠶᠠᠷᠤᠯᠲᠠ ᠶᠢᠨ | ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ ᠪᠠ ᠬᠢᠵᠠᠭᠠᠷᠯᠠᠬᠤ | ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠡᠷᠴᠢᠮ ᠢ ᠴᠢᠩᠭᠠᠷᠠᠭᠤᠯᠤᠨ᠂ ᠬᠥᠭᠵᠢᠭᠰᠡᠨ ᠭᠠᠵᠠᠷ | ᠣᠷᠣᠨ ᠤ ᠠᠵᠤ ᠦᠢᠯᠡᠰ ᠤᠨ ᠰᠢᠯᠵᠢᠯᠲᠡ ᠶᠢ ᠥᠨᠳᠥᠷ ᠪᠠᠷᠢᠮᠵᠢᠶ᠎ᠠ ᠪᠠᠷ ᠭᠥᠯᠢᠶᠡᠨ ᠠᠪᠴᠤ᠂ ᠤᠯᠠᠮᠵᠢᠯᠠᠯᠲᠤ ᠠᠵᠤ | ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠲᠠᠢ ᠪᠤᠯᠬᠤ ᠶᠢ ᠠᠬᠢᠭᠤᠯᠤᠨ᠎ᠠ᠃ | - ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠳᠤᠲᠠᠭᠤᠳᠠᠯ ᠲᠠᠢ ᠠᠵᠤ | ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ | ᠠᠵᠤ ᠦᠢᠯᠡᠰ ᠤᠨ ᠬᠡᠯᠬᠢᠶ᠎ᠡ ᠶᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠬᠤ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠪᠥᠭᠡᠮᠨᠡᠷᠡᠵᠦ ᠪᠦᠯᠦᠭᠵᠢᠯ ᠪᠤᠯᠬᠤ ᠪᠠ ᠠᠭᠤᠰᠤᠯᠴᠠᠨ | ᠬᠥᠭᠵᠢᠬᠦ ᠶᠢ ᠠᠬᠢᠭᠤᠯᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠤᠣᠯ ᠲᠤᠯᠭᠠᠭᠤᠷᠢ ᠦᠢᠯᠡᠳᠦᠯ ᠦᠵᠡᠭᠦᠯᠭᠦ ᠶᠢ | ᠠᠬᠢᠭᠤᠯᠤᠨ᠎ᠠ᠃ | - ᠢᠷᠡᠭᠡᠳᠦᠢ ᠶᠢᠨ ᠠᠵᠤ ᠦᠢᠯᠡᠰ ᠢ ᠪᠠᠷᠠᠯᠠᠯᠳᠤ ᠴᠢᠨᠠᠷᠲᠠᠢ ᠪᠠᠷ ᠪᠠᠶᠢᠷᠢᠰᠢᠭᠤᠯᠤᠨ᠎ᠠ᠃ ᠦᠵᠦ ᠲᠥᠯᠥᠪᠯᠡᠭᠡ ᠬᠢᠬᠦ ᠪᠠ | ᠲᠥᠯᠥᠪᠵᠢᠭᠦᠯᠦᠨ ᠪᠠᠶᠢᠷᠢᠰᠢᠭᠤᠯᠬᠤ ᠶᠢ ᠴᠢᠩᠭᠠᠳᠬᠠᠨ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠳᠤᠨᠢ ᠵᠣᠬᠢᠴᠠᠭᠤᠯᠤᠨ ᠲᠦᠷᠦᠯ | ᠬᠤᠪᠢᠶᠠᠨ ᠵᠢᠯᠤᠭᠤᠳᠬᠤ ᠶᠢ ᠪᠠᠷᠢᠮᠲᠠᠯᠠᠵᠤ ᠢᠷᠡᠭᠡᠳᠦᠢ ᠶᠢᠨ ᠠᠵᠤ ᠦᠢᠯᠡᠰ ᠢ ᠴᠣᠭᠴᠠᠯᠠᠨ᠂ ︽ᠰᠠᠶᠢᠨ ᠣᠷᠣᠨ ᠪᠠᠶᠢᠷᠢ ᠶᠢ | ᠡᠵᠡᠯᠡᠨ ᠬᠥᠭᠵᠢᠬᠦ᠂ ᠤᠯᠠᠨ ᠴᠡᠭ ᠠᠴᠠ ᠰᠢᠪᠲᠤᠯᠤᠯᠲᠠ ᠬᠢᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠰᠢᠨ᠎ᠡ ᠠᠶᠠᠨ ᠳᠤ ᠪᠢᠳᠡᠨ ᠤ ᠢᠷᠡᠭᠡᠳᠦᠢ ᠭᠡᠭᠡᠨ ᠰᠠᠷᠠᠭᠤᠯ ᠶᠤᠮᠰᠠᠨ᠃ ᠢᠷᠡᠭᠡᠳᠦᠢ ᠶᠢ ᠪᠠᠷᠠᠯᠠᠬᠤᠶ᠎ᠠ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ | ᠡᠷᠬᠡᠪᠰᠢ ᠰᠢᠨᠲᠠᠷᠠᠰᠢ ᠦᠭᠡᠢ ᠴᠢᠷᠮᠠᠶᠢᠬᠤ ᠲᠡᠰᠪᠦᠷᠢ ᠲᠡᠪᠴᠢᠶᠡᠷᠢ ᠪᠠ ᠠᠮᠵᠢᠯᠲᠠ ᠳᠤ ᠳᠥᠬᠦᠬᠦ ᠳᠤᠳᠤᠮ ᠪᠣᠯᠭᠤᠮᠵᠢᠯᠠᠬᠤ | ᠰᠡᠷᠭᠡᠭ ᠲᠠᠨᠢᠯᠲᠠ ᠪᠠᠷ ᠦᠷᠭᠦᠯᠵᠢᠯᠡᠨ ᠳᠠᠪᠠᠭ᠎ᠠ ᠳᠠᠪᠠᠨ ᠪᠣᠭᠤᠮᠲᠠ ᠰᠢᠪᠲᠤᠯᠵᠤ᠂ ᠵᠣᠷᠢᠭᠲᠠᠢ ᠪᠠᠷ ᠵᠢᠳᠬᠦᠨ ᠦᠨᠡᠨ ᠪᠣᠳᠠᠲᠠᠢ | ᠠᠵᠢᠯᠯᠠᠵᠤ᠂ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠤᠭ᠎ᠠ ᠦᠢᠯᠡᠰ ᠢ ᠪᠦᠲᠦᠭᠡᠬᠦ ᠬᠡᠷᠡᠭᠲᠡᠢ᠃ | | |