︽ᠲᠤᠯᠠᠭᠠᠯᠠᠭ᠎ᠠ ᠶᠢᠨ ᠢᠨᠵᠧᠨᠧᠷᠢᠩ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ | ᠢᠨᠵᠧᠨᠧᠷᠢᠩ︾ ᠤᠨ ᠨᠢᠭᠡ ᠪᠣᠯᠬᠤ ᠪᠥᠭᠡᠳ ᠲᠦᠭ ᠲᠦᠮᠡᠨ ᠠᠶᠢᠯ ᠡᠷᠦᠬᠡ ᠳᠤ ᠬᠤᠯᠪᠣᠭᠳᠠᠭᠰᠠᠨ ᠠᠷᠠᠳ ᠤᠨ ᠠᠮᠢᠳᠤᠷᠠᠯ | ᠤᠨ ᠢᠨᠵᠧᠨᠧᠷᠢᠩ ᠪᠣᠯᠤᠨ᠎ᠠ᠃ ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠶᠢ ᠢᠳᠡᠪᠬᠢᠲᠡᠶ ᠭᠡᠷᠡᠭᠵᠢᠭᠦᠯᠵᠦ᠂ ᠣᠯᠠᠨ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ | | ︽ᠳᠤᠯᠠᠭᠠᠯᠠᠬᠤ ᠶᠢ ᠵᠣᠭᠰᠣᠭᠠᠬᠤ ᠡᠳᠦᠷ ᠪᠣᠯ ᠳᠠᠷᠤᠢ ᠳᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠡᠬᠢᠯᠡᠬᠦ ᠴᠠᠭ | ᠪᠣᠯᠤᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠤᠷᠠᠳᠤᠵᠠᠢ ᠃ 4 ᠰᠠᠷ᠎ᠠ ᠶᠢᠨ 15 ᠤ ᠡᠳᠦᠷ᠂ ᠪᠠᠷᠠᠭᠤᠨ | ᠦᠵᠦᠮᠦᠴᠢᠨ ᠬᠤᠰᠢᠭᠤᠨ ᠤ ︽ᠲᠤᠯᠠᠭᠠᠯᠠᠭ᠎ᠠ ᠶᠢᠨ ᠢᠨᠵᠧᠨᠧᠷᠢᠩ︾ ᠤᠨ ᠠᠵᠢᠯ ᠪᠥᠬᠦ ᠲᠠᠯ᠎ᠠ ᠪᠠᠷ ᠡᠬᠢᠯᠡᠪᠡ᠃ | ᠵᠢᠯ ᠤᠨ ᠡᠬᠢᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ︽ᠲᠤᠯᠠᠭᠠᠯᠠᠭ᠎ᠠ ᠶᠢᠨ ᠢᠨᠵᠧᠨᠧᠷᠢᠩ︾ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠦ᠋ᠦᠱᠯᠠᠭᠤᠯᠤᠨ ᠨᠠᠶᠢᠳᠠᠪᠤᠷᠢᠵᠢᠭᠤᠯᠵᠤ᠂ ︽ᠲᠤᠯᠠᠭᠠᠯᠠᠭ᠎ᠠ ᠶᠢᠨ ᠢᠨᠵᠧᠨᠧᠷᠢᠩ︾ ᠢ | 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠᠨ ᠳᠤ ᠣᠷᠣᠭᠤᠯᠵᠤ᠂ 2022 | ᠣᠨ ᠠᠴᠠ 2024 ᠣᠨ ᠬᠦᠷᠲᠡᠯᠡᠬᠢ ᠵᠠᠭᠠᠯᠳᠤᠯᠭ᠎ᠠ ᠶᠢᠨ ᠠᠵᠢᠯ ᠤᠨ ᠬᠠᠭᠤᠳᠠᠰᠤ ᠶᠢ ᠡᠮᠬᠢᠯᠡᠨ ᠵᠠᠳᠠᠯᠵᠤ᠂ ᠪᠥᠬᠦ | ᠬᠤᠰᠢᠭᠤᠨ ᠤ ᠳᠤᠯᠠᠭᠠᠯᠠᠭ᠎ᠠ ᠶᠢᠨ ᠣᠳᠣᠬᠢ ᠪᠠᠶᠢᠳᠠᠯ ᠵᠢᠴᠢ ᠬᠡᠰᠡᠭ ᠰᠠᠭᠤᠭᠠᠯᠢ ᠲᠣᠭᠤᠷᠢᠭ ᠤᠨ ᠬᠤᠭᠤᠯᠠᠶ ᠶᠢᠨ ᠲᠣᠣᠷ ᠤᠨ | ᠬᠠᠭᠤᠴᠢᠷᠠᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠳᠤᠯᠠᠭᠠᠯᠠᠭ᠎ᠠ ᠶᠢᠨ ᠳᠤᠲᠠᠭᠳᠠᠯ ᠢ ᠡᠷᠢᠨ | ᠭᠠᠷᠭᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠢᠨᠵᠧᠨᠧᠷᠢᠩ ᠤᠨ | ᠬᠡᠷᠡᠭᠵᠢᠭᠦᠯᠬᠦ ᠲᠥᠰᠦᠯ︾ ᠢ ᠨᠠᠷᠢᠨ ᠨᠢᠮᠪᠠᠶ ᠲᠣᠭᠲᠠᠭᠠᠵᠤ᠂ ᠪᠠᠯᠭᠠᠷᠭᠤᠤᠯ ᠪᠠᠯᠭᠠᠰᠤᠨ ᠤ ᠳᠤᠯᠠᠭᠠᠯᠠᠭ᠎ᠠ ᠶᠢᠨ ᠬᠤᠭᠤᠯᠠᠶ ᠶᠢ | ᠥᠷᠭᠡᠳᠬᠡᠨ ᠪᠠᠶᠢᠭᠤᠯᠬᠤ ᠪᠠ ᠥᠭᠡᠷᠡᠴᠢᠯᠡᠬᠦ᠂ ᠬᠠᠭᠤᠴᠢᠨ ᠰᠠᠭᠤᠭᠠᠯᠢ ᠲᠣᠭᠤᠷᠢᠭ ᠤᠨ ᠬᠤᠭᠤᠯᠠᠶ ᠶᠢᠨ ᠲᠤᠤᠷ ᠢ | ᠥᠭᠡᠷᠡᠴᠢᠯᠡᠬᠦ ᠵᠡᠷᠭᠡ 5 ᠲᠥᠷᠥᠯ ᠵᠦᠶᠯ ᠢ ᠬᠡᠷᠡᠭᠵᠢᠭᠦᠯᠪᠡ᠃ 5 ᠰᠠᠷ᠎ᠠ ᠶᠢᠨ ᠶᠠᠭᠠᠷᠠᠯᠲᠠᠶ ᠠᠵᠢᠯ ᠢᠶᠠᠷ ᠳᠡᠮᠵᠢᠨ᠂ 9 | ᠰᠠᠷ᠎ᠠ ᠶᠢᠨ ᠳᠤᠮᠳᠠᠴᠢ ᠪᠠᠷ᠂ ᠪᠠᠷᠠᠭᠤᠨ ᠦᠵᠦᠮᠦᠴᠢᠨ ᠬᠤᠰᠢᠭᠤᠨ ᠤ ︽ᠲᠤᠯᠠᠭᠠᠯᠠᠭ᠎ᠠ ᠶᠢᠨ ᠢᠨᠵᠧᠨᠧᠷᠢᠩ︾ ᠪᠥᠬᠦ | ᠲᠠᠯ᠎ᠠ ᠪᠠᠷ ᠠᠵᠢᠯ ᠳᠠᠭᠤᠰᠴᠤ᠂ 19 ᠰᠠᠭᠤᠭᠠᠯᠢ ᠲᠣᠭᠤᠷᠢᠭ ᠢ ᠬᠠᠮᠤᠷᠴᠤ᠂ 2569 ᠰᠠᠭᠤᠭᠠᠯᠢ ᠠᠷᠠᠳ ᠲᠤ ᠠᠰᠢᠭ | ᠬᠦᠷᠲᠡᠭᠡᠪᠡ᠃ | | ︽ᠲᠤᠯᠠᠭᠠᠯᠠᠭ᠎ᠠ ᠶᠢᠨ ᠢᠨᠵᠧᠨᠧᠷᠢᠩ︾ ᠤᠨ ᠴᠢᠬᠤᠯᠠ ᠨᠢᠭᠡ ᠭᠤᠭᠴᠤᠭ᠎ᠠ ᠪᠣᠯᠤᠭᠰᠠᠨ ᠳᠤᠯᠠᠭᠠᠯᠠᠭ᠎ᠠ ᠶᠢᠨ ᠨᠡᠭᠦᠷᠡᠰᠦ | ᠲᠦᠭᠡᠭᠡᠭᠦ ᠠᠵᠢᠯ ᠨᠢ ᠠᠷᠠᠳ ᠤᠯᠠᠨ ᠤ ᠳᠤᠯᠠᠭᠠᠨ ᠲᠠᠪᠠᠲᠠᠢ ᠡᠪᠦᠯᠵᠢᠬᠦ ᠳᠤ ᠪᠠᠲᠤᠯᠠᠭ᠎ᠠ ᠬᠠᠩᠭᠠᠬᠤ ᠴᠢᠬᠤᠯᠠ ᠠᠵᠢᠯ | ᠪᠣᠯᠤᠨ᠎ᠠ᠃ 2024 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠦᠶᠯᠡᠳᠪᠦᠷᠢ ᠮᠡᠳᠡᠭᠡ | ᠵᠠᠩᠭᠢᠴᠢᠯᠠᠯᠲᠠ ᠶᠢᠨ ᠰᠠᠯᠠᠭ᠎ᠠ ᠮᠥᠴᠢᠷ ᠬᠠᠷᠢᠶ᠎ᠠ ᠣᠷᠣᠨ ᠤ ᠨᠡᠭᠦᠷᠡᠰᠦ ᠬᠠᠩᠭᠠᠬᠤ ᠠᠵᠤ ᠠᠬᠤᠶᠢᠯᠠᠯ ᠲᠠᠢ ᠢᠳᠡᠪᠬᠢᠲᠡᠶ ᠪᠠᠷ | ᠵᠣᠯᠭᠠᠭᠤᠯᠵᠤ᠂ ᠠᠵᠤ ᠠᠬᠤᠶᠢᠯᠠᠯ ᠢ ᠱᠠᠭᠠᠷᠳᠠᠨ ᠦᠶᠯᠡᠳᠪᠦᠷᠢᠯᠡᠯ ᠤᠨ ᠲᠥᠯᠥᠪᠯᠡᠭᠡ ᠶᠢ ᠵᠦᠶ ᠵᠣᠬᠢᠰᠲᠠᠶ ᠳᠣᠭᠢᠷᠠᠭᠤᠯᠵᠤ᠂ | ᠬᠠᠩᠭᠠᠯᠭ᠎ᠠ ᠶᠢᠨ ᠦᠨ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠰᠠᠭᠠᠳ ᠥᠬᠡᠶ ᠨᠡᠪᠲᠡᠷᠡᠬᠦ ᠵᠠᠮ | ᠱᠤᠭᠤᠮ ᠢ ᠨᠡᠪᠲᠡᠷᠡᠭᠦᠯᠦᠨ ᠥᠭᠴᠦ᠂ ᠲᠤᠯᠠᠭᠠᠯᠠᠭ᠎ᠠ ᠶᠢᠨ ᠨᠡᠭᠦᠷᠡᠰᠦᠨ ᠤ ᠠᠮᠤᠷ ᠲᠦᠪᠰᠢᠨ᠂ ᠲᠦᠷᠭᠡᠨ ᠬᠦᠷᠭᠡᠯᠲᠡ ᠶᠢ | ᠦᠨᠡᠨᠬᠦ ᠪᠠᠲᠤᠯᠠᠪᠠ᠃ ᠡᠨᠡ ᠵᠢᠯ᠂ ᠪᠦᠭᠦ ᠬᠤᠰᠢᠭᠤᠨ ᠤ ᠲᠤᠯᠠᠭᠠᠯᠠᠭ᠎ᠠ ᠶᠢᠨ ᠨᠡᠭᠦᠷᠡᠰᠦᠨ ᠤ ᠲᠠᠷᠬᠠᠭᠠᠯᠲᠠ ᠶᠢᠨ ᠬᠡᠮᠵᠢᠶ᠎ᠡ | 36000 ᠲᠣᠨ ᠪᠠᠶᠢᠵᠤ᠂ 16000 ᠭᠠᠷᠤᠶ ᠮᠠᠯᠴᠢᠨ ᠡᠷᠦᠬᠡ ᠳᠤ ᠳᠤᠯᠠᠭᠠᠯᠠᠭ᠎ᠠ ᠶᠢᠨ ᠨᠡᠭᠦᠷᠡᠰᠦ ᠬᠠᠨᠭ᠍ᠭᠠᠵᠠᠢ᠃ | | | ᠪᠠᠷᠠᠭᠤᠨ ᠦᠵᠦᠮᠦᠴᠢᠨᠬᠤᠰᠢᠭᠤ ᠨᠢ ᠨᠡᠶᠢᠭᠡᠮ ᠤᠨ ᠡᠯ᠎ᠡ ᠵᠦᠶᠯ ᠤᠨ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠬᠤᠮ ᠳᠠᠷᠠᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢ ᠶᠡᠬᠡᠪᠡᠷ ᠴᠢᠩᠭᠠᠷᠠᠭᠤᠯᠬᠤ ᠪᠠᠷ ᠳᠠᠮᠵᠢᠭᠤᠯᠤᠨ᠂ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠠᠬᠢᠭᠤᠯᠬᠤ ᠶᠢ ᠬᠦᠴᠦᠯᠡᠨ | ᠪᠠᠲᠤᠯᠠᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠶ ᠣᠯᠠᠨ ᠲᠦᠮᠡᠨ ᠨᠢᠭᠡᠪᠦᠷᠢ ᠳᠤ | ᠲᠠᠮᠵᠢᠭᠤᠯᠵᠠᠢ᠃ ᠵᠢᠯ ᠤᠨ ᠡᠬᠢᠨ ᠠᠴᠠ ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤ ᠨᠢ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠡᠯ᠎ᠡ ᠲᠥᠷᠥᠯ ᠤᠨ ᠪᠠᠯᠠ ᠮᠥᠩᠭᠦ ᠶᠢ ᠨᠡᠶᠢᠲᠡ 1998.09 ᠲᠦᠮᠡᠨ ᠲᠥᠭᠦᠷᠢᠭ ᠲᠠᠷᠬᠠᠭᠠᠵᠤ᠂ 5 | ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ᠃ | | |