ᠠᠯᠲᠠᠨ ᠨᠠᠮᠤᠷ ᠤᠨ ᠦᠵᠦᠮᠦᠴᠢᠨ ᠨᠤᠲᠤᠭ ᠥᠩᠭᠡ ᠢᠯᠭᠠᠷᠠᠭᠰᠠᠨ ᠵᠢᠷᠤᠭ ᠤᠨ ᠪᠠᠶᠢᠭᠠᠯᠢ ᠪᠠᠷ ᠭᠤᠶᠤᠵᠤ᠂ ︽ | 99 ᠨᠤᠸ᠋ᠮᠷᠲᠦ ᠠᠶᠠᠯᠠᠯ ᠤᠨ ᠵᠠᠮ︾ ᠰᠤᠯᠣᠩᠭᠠᠨ ᠦᠩᠭᠡ ᠪᠠᠷ ᠮᠢᠷᠠᠯᠵᠠᠨ ᠠᠯᠤᠰ ᠢ ᠵᠣᠷᠢᠨ᠎ᠠ ᠃ | 2023 ᠣᠨ ᠳᠤ᠂ ᠪᠠᠷᠠᠭᠤᠨ ᠦᠵᠦᠮᠦᠴᠢᠨ ᠬᠤᠰᠢᠭᠤ ᠲᠠᠯ᠎ᠠ ᠨᠤᠲᠤᠭ ᠤᠨ ︽99 ᠨᠣᠮᠧᠷᠲᠤ ᠠᠶᠠᠯᠠᠯ ᠤᠨ | ᠵᠠᠮ︾ ᠤᠨ ᠨᠠᠷᠠᠲᠤ ᠲᠡᠮᠳᠡᠭ ᠲᠤ ᠲᠦᠰᠢᠭᠯᠡᠨ᠂ ᠪᠠᠷᠠᠭᠤᠨ ᠦᠵᠦᠮᠦᠴᠢᠨ ᠬᠤᠰᠢᠭᠤ ᠪᠠᠨ ᠪᠥᠬᠦ ᠤᠯᠤᠰ ᠤᠨ | ᠬᠡᠪᠴᠢᠶᠡᠨ ᠳᠤ ᠣᠬᠠᠭᠤᠯᠤᠨ᠂ ᠥᠪᠡᠷᠮᠢᠴᠡ ᠣᠨᠴᠠᠯᠢᠭ ᠪᠦᠬᠦᠢ ᠰᠣᠶᠣᠯ ᠢᠷᠭᠡᠨᠰᠢᠯ ᠤᠨ ᠠᠭᠤᠯᠬᠤᠨ ᠪᠠ ᠪᠠᠶᠢᠭᠠᠯᠢ | ᠶᠢᠨ ᠡᠬᠢ ᠪᠠᠶᠠᠯᠢᠭ ᠢ ᠣᠯᠠᠨ᠎ᠠ ᠬᠠᠷᠠᠭᠤᠯᠵᠠᠢ᠃ ︽99 ᠨᠣᠮᠧᠷᠲᠤ ᠠᠶᠠᠯᠠᠯ ᠤᠨ ᠵᠠᠮ︾ ᠨᠢ ᠠᠮᠢ ᠠᠬᠤᠢ ᠶᠢᠨ | ᠲᠠᠯ᠎ᠠ ᠨᠤᠲᠤᠭ ᠤᠨ ᠦᠵᠡᠮᠵᠢ ᠶᠢᠨ ᠵᠠᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠵᠠᠮ᠂ ᠭᠠᠵᠠᠷ ᠣᠷᠣᠨ ᠤ ᠵᠠᠩ ᠦᠶᠯᠡ ᠶᠢᠨ ᠰᠣᠶᠣᠯ ᠤᠨ ᠦᠵᠡᠭᠦᠯᠦᠯᠭᠡ ᠶᠢᠨ ᠵᠠᠮ᠂ ᠨᠡᠭᠡᠭᠡᠯᠲᠡᠲᠡᠢ | ᠪᠠᠭᠲᠠᠭᠠᠮᠵᠢᠲᠠᠢ ᠡᠶ᠎ᠡ ᠵᠣᠬᠢᠴᠠᠯ ᠤᠨ ᠵᠠᠮ ᠤᠨ ᠣᠨᠴᠠᠯᠢᠭ ᠢ ᠪᠥᠷᠢᠨᠰᠢᠭᠦᠯᠵᠦ᠂ ᠡᠨᠡᠬᠦ 160 ᠺᠢᠯᠣᠮᠧᠲᠷ ᠤᠨ | ᠤᠷᠳᠤ ᠪᠦᠬᠦᠢ ᠵᠢᠭᠤᠯᠴᠢᠯᠠᠯ ᠤᠨ ᠵᠠᠰᠠᠮᠠᠯ ᠵᠠᠮ ᠨᠢ ᠡᠬᠡ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠤᠨ ᠲᠠᠩᠰᠤᠭ | ᠦᠵᠡᠮᠵᠢ ᠶᠢᠨ ᠪᠦᠰᠡ ᠶᠢ ᠬᠤᠯᠪᠤᠵᠤ᠂ ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨ ᠣᠲᠠᠢ᠂ ᠨᠡᠭᠦᠳᠡᠯᠴᠢᠨ | ᠠᠶᠢᠮᠠᠭ᠂ ᠬᠠᠪᠴᠢᠭᠠᠢ ᠵᠡᠷᠭᠡ 12 ᠦᠵᠡᠮᠵᠢ ᠶᠢᠨ ᠣᠷᠣᠨ ᠢ ᠬᠤᠯᠪᠣᠨ᠂ ᠵᠠᠮ ᠳᠠᠭᠠᠣ ᠥᠪᠡᠷᠮᠢᠴᠡ ᠠᠮᠢ | ᠠᠬᠤᠢ ᠶᠢᠨ ᠥᠩᠭᠡ ᠦᠵᠡᠮᠵᠢ ᠪᠣᠯᠣᠨ ᠰᠣᠶᠣᠯ ᠢᠷᠭᠡᠨᠰᠢᠯ ᠤᠨ ᠠᠭᠤᠯᠬᠤᠨ ᠢᠶᠠᠷ ᠢᠶᠠᠨ ᠵᠤᠭᠠᠴᠠᠭᠰᠠᠳ ᠤᠨ | ᠠᠩᠬᠠᠷᠤᠯ ᠢ ᠳᠠᠲᠠᠵᠤ᠂ ᠮᠠᠯᠵᠢᠬᠤ ᠣᠷᠣᠨ ᠤ ᠵᠠᠮ ᠨᠡᠪᠲᠡᠷᠡᠭᠦᠯᠭᠡ ᠶᠢᠨ ᠰᠠᠭᠤᠷᠢ ᠲᠦᠬᠦᠭᠡᠷᠦᠮᠵᠢ ᠶᠢ | ᠰᠠᠶᠢᠵᠢᠷᠠᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠪᠠ ᠤᠮᠠᠷᠠᠲᠤ ᠬᠢᠯᠢ ᠶᠢᠨ ᠵᠢᠭᠤᠯᠴᠢᠯᠠᠯ ᠤᠨ ᠦᠢᠯᠡᠰ ᠲᠤ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ | | ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠨ ᠳᠠᠬᠢ C 011 ᠱᠤᠭᠤᠮ ︵S206︶ | ᠠᠴᠠ ᠪᠤᠷᠭᠠᠰᠤᠲᠠᠢ ᠬᠦᠷᠬᠦ ᠬᠡᠰᠡᠭ ᠤᠨ ᠵᠠᠰᠠᠮᠠᠯ ᠵᠠᠮ ᠤᠨ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠲᠤᠬᠠᠢ ᠶᠢᠨ | ᠲᠠᠯᠠᠪᠠᠶ ᠳᠤ᠂ ᠬᠥᠭᠦᠷᠭᠡ ᠶᠢᠨ ᠲᠤᠯᠭᠠᠭᠤᠷ ᠤᠨ ᠰᠠᠭᠤᠷᠢ ᠶᠢᠨ ᠪᠠᠷᠢᠯᠭ᠎ᠠ ᠶᠢᠨ ᠠᠵᠢᠯ ᠡᠷᠴᠢᠮᠲᠡᠢ ᠶᠠᠪᠤᠭᠳᠠᠵᠤ᠂ | ᠪᠠᠷᠢᠯᠭ᠎ᠠ ᠶᠢᠨ ᠠᠵᠢᠯᠲᠠᠳ ᠮᠠᠰᠢᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ | ᠲᠡᠭᠡᠭᠡᠪᠦᠷᠢ ᠶᠢᠨ ᠲᠡᠷᠭᠡ ᠨᠠᠭᠠᠰᠢ ᠴᠠᠭᠠᠰᠢ ᠵᠥᠷᠢᠯᠳᠦᠵᠦ ᠥᠷᠥᠮᠳᠡᠵᠦ ᠭᠠᠷᠭᠠᠭᠰᠠᠨ ᠰᠢᠪᠠᠷ ᠰᠢᠷᠣᠢ ᠶᠢ ᠴᠠᠭ ᠲᠤᠬᠠᠢ | ᠳᠤᠨᠢ ᠵᠥᠭᠡᠭᠡᠪᠦᠷᠢᠯᠡᠨ ᠂ ᠠᠵᠢᠯ ᠤᠨ ᠬᠤᠪᠢᠶᠠᠷᠢᠯᠠᠯ ᠲᠣᠳᠣᠷᠬᠠᠢ᠂ ᠡᠮᠬᠢ ᠳᠢᠭᠯᠢᠮ ᠲᠠᠢ ᠶᠠᠪᠤᠭᠳᠠᠵᠤ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠵᠠᠮ ᠤᠨ ᠲᠥᠷᠦᠯ ᠵᠦᠢᠯ ᠨᠢ ᠪᠠᠷᠠᠭᠤᠨ ᠦᠵᠦᠮᠦᠴᠢᠨ ᠬᠤᠰᠢᠭᠤᠨ ᠤ 2024 | ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠢᠨᠵᠧᠨᠧᠷᠢᠩ ᠪᠠᠶᠢᠵᠤ᠂ ᠪᠥᠬᠦ | ᠣᠷᠳᠣ ᠨᠢ 14.961 ᠺᠢᠯᠣᠮᠧᠲᠷ᠂ ᠪᠥᠬᠦ ᠪᠡᠯᠡ ᠣᠷᠣᠭᠤᠯᠤᠯᠲᠠ ᠨᠢ 2726.98 ᠲᠦᠮᠡᠨ ᠲᠥᠭᠦᠷᠢᠭ | ᠪᠣᠯᠣᠨ᠎ᠠ᠃ ᠲᠤᠰ ᠵᠠᠮ ᠤᠨ ᠬᠡᠰᠡᠭ ᠤᠨ ᠠᠰᠢᠭᠯᠠᠯᠲᠠ ᠳᠤ ᠣᠷᠣᠬᠤ ᠨᠢ᠂ ᠮᠠᠯᠵᠢᠬᠤ ᠣᠷᠣᠨ ᠤ ᠵᠠᠰᠠᠮᠠᠯ ᠵᠠᠮ | ᠬᠢᠭᠡᠳ ᠮᠤᠵᠢ ᠶᠢᠨ ᠱᠠᠲᠤᠨ ᠤ ᠵᠠᠮ ᠤᠨ ᠬᠤᠯᠪᠣᠯᠳᠤᠨ ᠨᠡᠪᠲᠡᠷᠡᠬᠦ ᠠᠰᠠᠭᠤᠳᠠᠯ ᠢ ᠰᠢᠢᠳᠪᠦᠷᠢᠯᠡᠨ᠂ ᠡᠷᠬᠢᠨ | ᠲᠣᠭᠤᠷᠢᠨ ᠤ ᠭᠠᠴᠠᠭ᠎ᠠ ᠲᠣᠰᠬᠤᠨ ᠤ ᠮᠠᠯᠴᠢᠨ ᠲᠤ ᠠᠰᠢᠭ ᠬᠦᠷᠲᠡᠭᠡᠵᠦ᠂ ᠲᠡᠳᠡᠨ ᠤ ᠦᠢᠯᠡᠳᠪᠦᠷᠢᠯᠡᠯ ᠠᠮᠢᠳᠤᠷᠠᠯ | ᠢ ᠨᠠᠩ ᠳᠥᠭᠦᠮ ᠳᠥᠲᠡ ᠪᠣᠯᠭᠠᠨ᠂ ᠠᠮᠢᠳᠤᠷᠠᠯ ᠤᠨ ᠳᠥᠪᠰᠢᠨ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ | ᠦᠵᠡᠭᠦᠯᠬᠦ ᠪᠤᠯᠤᠨ᠎ᠠ᠃ ᠪᠠᠷᠢᠯᠭ᠎ᠠ ᠶᠢᠨ ᠳᠣᠭᠤᠶᠢᠯᠠᠩ ᠤᠨ ᠬᠠᠷᠢᠭᠤᠴᠠᠯᠭᠠᠲᠠᠨ ᠠᠴᠠ᠂ ᠪᠠᠷᠢᠯᠭ᠎ᠠ ᠶᠢᠨ ᠠᠵᠢᠯ ᠢ ᠴᠠᠭ | ᠲᠤᠬᠠᠢ ᠳᠤᠨᠢ ᠳᠠᠭᠤᠰᠬᠠᠬᠤ ᠶᠢ ᠪᠠᠲᠤᠯᠠᠬᠤ ᠶᠢᠨ ᠲᠤᠰᠠᠳᠠ᠂ ᠠᠳᠠᠯᠢ ᠪᠤᠰᠤ ᠵᠠᠮ ᠤᠨ ᠬᠡᠰᠡᠭ ᠢ ᠵᠦᠢ ᠵᠣᠬᠢᠰᠲᠠᠢ | ᠲᠣᠬᠢᠷᠠᠭᠤᠯᠤᠨ ᠡᠮᠬᠢ ᠵᠢᠷᠤᠮ ᠲᠠᠢ ᠠᠵᠢᠯᠯᠠᠭᠤᠯᠵᠤ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠶᠢᠨ ᠬᠠᠮᠲᠤ | ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠶᠠᠰᠤ ᠴᠢᠨᠠᠷ ᠢ ᠠᠳᠬᠤᠨ᠂ ᠠᠬᠢᠴᠠ ᠶᠢ ᠲᠦᠷᠭᠡᠳᠬᠡᠵᠦ᠂ ᠪᠥᠬᠦ | ᠲᠠᠯ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠪᠠᠶᠢᠨ᠎ᠠ ᠭᠡᠯᠡ ᠃ | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠠᠶᠠᠵᠢᠶ᠎ᠠ ᠭᠡᠪᠡᠯ ᠤᠷᠢᠳᠠᠪᠠᠷ ᠵᠠᠮ ᠵᠠᠰᠠᠬᠤ︾ ︽ᠵᠠᠰᠠᠮᠠᠯ ᠵᠠᠮ ᠢ | ᠨᠠᠪᠲᠠᠷᠡᠭᠦᠯᠵᠦ᠂ ᠦᠢᠯᠡᠰ ᠪᠦᠬᠦᠨ ᠢ ᠬᠥᠭᠵᠢᠭᠦᠯᠬᠦ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠬᠥᠭᠵᠢᠭᠦᠯᠬᠦ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠭᠠᠨ ᠭᠤᠣᠯᠳᠠᠯᠭ᠎ᠠ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠵᠠᠮ ᠤᠨ ᠪᠦᠷᠬᠦᠴᠡ ᠶᠢ ᠪᠥᠬᠦ ᠲᠠᠯ᠎ᠠ ᠪᠠᠷ ᠠᠬᠢᠭᠤᠯᠵᠤ ᠪᠤᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ︽ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ︾ ᠶᠢ ᠨᠢᠭᠡ ᠴᠣᠭᠴᠠᠵᠢᠭᠤᠯᠬᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ︽ᠵᠠᠮ ᠬᠠᠷᠢᠯᠴᠠᠭ᠎ᠠ | + ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠲᠠᠰᠤᠷᠠᠯᠲᠠ ᠦᠭᠡᠢ ᠰᠦᠪᠡᠭᠴᠢᠯᠡᠵᠦ᠂ | ᠵᠢᠭᠤᠯᠴᠢᠯᠠᠯ ᠳᠤ ᠬᠤᠯᠪᠣᠭᠳᠠᠬᠤ ᠵᠠᠮ ᠲᠡᠭᠡᠭᠡᠪᠦᠷᠢ ᠶᠢᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠵᠦ᠂ ᠳᠥᠭᠦᠮ | ᠳᠥᠲᠡ ᠲᠠᠭᠠᠯᠠᠮᠵᠢᠲᠠᠢ᠂ ᠭᠠᠳᠠᠭᠠᠳᠤ ᠲᠠᠢ ᠵᠣᠯᠭᠠᠯᠳᠤᠭᠰᠠᠨ᠂ ᠳᠣᠲᠣᠭᠠᠳᠤ ᠳᠠᠭᠠᠨ ᠬᠤᠯᠪᠣᠯᠳᠤᠭᠰᠠᠨ | ᠵᠢᠭᠤᠯᠴᠢᠯᠠᠯ ᠳᠤ ᠬᠤᠯᠪᠣᠭᠳᠠᠬᠤ ᠵᠠᠮ ᠬᠠᠷᠢᠯᠴᠠᠭᠠᠨ ᠤ ᠰᠢᠰᠲ᠋ᠧᠮ ᠢ ᠴᠢᠷᠮᠠᠶᠢᠨ ᠪᠠᠶᠢᠭᠤᠯᠵᠤ᠂ ︽ᠬᠥᠳᠡᠭᠡ | ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠪᠦᠲᠦᠭᠡᠨ ᠪᠠᠶᠢᠭᠤᠯᠤᠯᠲᠠ ᠶᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠤ ᠬᠦᠴᠦ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠦᠢᠯᠡᠴᠢᠯᠡᠬᠦ ᠪᠠ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ | ᠠᠮᠢ ᠠᠬᠤᠢ ᠶᠢᠨ ᠬᠠᠮᠠᠭᠠᠯᠠᠯᠲᠠ ᠪᠠᠷ ᠤᠷᠢᠲᠠᠯ ᠪᠣᠯᠭᠠᠵᠤ᠂ ᠮᠠᠯᠵᠢᠬᠤ ᠣᠷᠣᠨ ᠤ ᠵᠠᠰᠠᠮᠠᠯ ᠵᠠᠮ ᠬᠢᠭᠡᠳ ᠠᠵᠤ | ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠂ ᠮᠠᠯᠵᠢᠬᠤ ᠣᠷᠣᠨ ᠤ ᠠᠵᠤ ᠦᠢᠯᠡᠰ ᠤᠨ ᠵᠠᠮ᠂ | ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ | ᠣᠯᠠᠨ ᠳᠤ ᠲᠠᠩᠰᠤᠭ ᠰᠠᠶᠢᠬᠠᠨ ᠵᠣᠯ ᠵᠢᠷᠭᠠᠯᠲᠤ ᠠᠮᠢᠳᠤᠷᠠᠯ ᠤᠨ ︽ᠵᠠᠮ︾ ᠢ ᠪᠠᠶᠢᠭᠤᠯᠵᠤ ᠥᠭᠬᠦ ᠶᠢ ᠵᠣᠷᠢᠵᠠᠢ᠃ | | 2024 ᠣᠨ ᠳᠤ᠂ ᠪᠠᠷᠠᠭᠤᠨ ᠦᠵᠦᠮᠦᠴᠢᠨ ᠬᠤᠰᠢᠭᠤ ᠪᠥᠬᠦ ᠵᠠᠮ ᠤᠨ ᠣᠷᠳᠣ ᠨᠢ 216.18 ᠺᠢᠯᠣᠮᠧᠲᠷ | ᠪᠦᠬᠦᠢ ᠮᠠᠯᠵᠢᠬᠤ ᠲᠠᠷᠢᠶᠠᠯᠠᠬᠤ ᠣᠷᠣᠨ ᠤ 16 ᠵᠤᠷᠪᠤᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 2.97 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠭᠦᠨ ᠳᠤ᠂ ᠭᠤᠷᠪᠠᠳᠤᠭᠠᠷ ᠳᠡᠰ ᠤᠨ | ᠵᠠᠰᠠᠮᠠᠯ ᠵᠠᠮ 69.04 ᠺᠢᠯᠣᠮᠧᠲᠷ᠂ ᠳᠥᠷᠪᠡᠳᠦᠭᠡᠷ ᠳᠡᠰ ᠤᠨ ᠵᠠᠰᠠᠮᠠᠯ ᠵᠠᠮ 147.14 ᠺᠢᠯᠣᠮᠧᠲᠷ ᠪᠣᠯᠣᠨ᠎ᠠ᠃ | ᠨᠢᠭᠡᠳᠦᠭᠡᠷ ᠪᠦᠯᠦᠭ ᠤᠨ ᠪᠦᠲᠦᠭᠡᠨ ᠪᠠᠶᠢᠭᠤᠯᠤᠯᠲᠠ ᠶᠢᠨ 4 ᠵᠤᠷᠪᠤᠰ ᠵᠠᠮ ᠱᠤᠭᠤᠮ ᠤᠨ ᠶᠡᠷᠦᠩᠬᠡᠢ ᠤᠷᠲᠤ ᠨᠢ | 80.67 ᠺᠢᠯᠣᠮᠧᠲᠷ᠂ 1.27 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠬᠤ ᠪᠠᠷ ᠲᠥᠯᠥᠪᠯᠡᠵᠦ᠂ | ᠣᠳᠣᠬᠠᠨ ᠳᠤ ᠨᠢᠭᠡᠨᠲᠡ 3 ᠵᠤᠷᠪᠤᠰ ᠵᠠᠮ ᠤᠨ 41.7 ᠺᠢᠯᠣᠮᠧᠲᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ | ᠬᠤᠶᠠᠳᠤᠭᠠᠷ ᠪᠦᠯᠦᠭ ᠤᠨ 3 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠮ ᠤᠨ ᠰᠠᠭᠤᠷᠢ ᠶᠢ | ᠳᠡᠪᠢᠰᠴᠦ᠂ ᠡᠨᠡ ᠵᠢᠯ ᠵᠠᠮ ᠤᠨ ᠰᠠᠭᠤᠷᠢ ᠶᠢᠨ ᠪᠠᠷᠢᠯᠭ᠎ᠠ ᠶᠢ ᠳᠠᠭᠤᠰᠬᠠᠨ᠎ᠠ᠃ ᠭᠤᠷᠪᠠᠳᠤᠭᠠᠷ ᠪᠦᠯᠦᠭ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠵᠢᠨᠬᠤᠯᠪᠣᠭᠳᠠᠯ ᠪᠦᠬᠦᠢ ᠠᠵᠢᠯ ᠢ ᠡᠮᠬᠢ ᠵᠢᠷᠤᠮ ᠲᠠᠢ ᠥᠷᠨᠢᠭᠦᠯᠵᠦ᠂ | ᠵᠢᠯ ᠤᠨ ᠳᠣᠲᠣᠷ᠎ᠠ ᠨᠤᠲᠤᠭ ᠪᠡᠯᠴᠢᠭᠡᠷ ᠢ ᠲᠠᠳᠠᠪᠣᠷᠢᠯᠠᠵᠤ᠂ ᠨᠤᠷᠠᠭᠠᠵᠤ ᠨᠡᠭᠦᠯᠭᠡᠬᠦ᠂ ᠮᠠᠲ᠋ᠧᠷᠢᠶᠠᠯ ᠠᠪᠬᠤ ᠴᠡᠭ ᠢ | ᠰᠣᠩᠭᠤᠨ ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠵᠦ᠂ 2025 ᠣᠨ ᠤ 5 | ᠰᠠᠷ᠎ᠠ ᠳᠤ ᠪᠠᠷᠢᠯᠭ᠎ᠠ ᠡᠬᠢᠯᠡᠭᠦᠯᠦᠨ᠂ ᠲᠣᠰ ᠵᠢᠯ ᠳᠤ ᠨᠢ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ ᠪᠣᠶ᠃ | ᠣᠶᠢᠷ᠎ᠠ ᠶᠢᠨ ᠭᠤᠷᠪᠠᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠨᠡᠶᠢᠲᠡ 7.5 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠬᠠᠲᠠᠭᠤᠷᠠᠭᠤᠯᠤᠭᠰᠠᠨ ᠵᠠᠮ ᠤᠨ ᠬᠡᠰᠡᠭ ᠤᠨ ᠤᠷᠲᠤ ᠨᠢ ᠨᠡᠶᠢᠲᠡ 1100 | ᠺᠢᠯᠣᠮᠧᠲᠷ ᠲᠤ ᠬᠦᠷᠴᠦ᠂ ᠣᠳᠣᠬᠠᠨ ᠳᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ | ᠬᠠᠲᠠᠭᠤᠷᠠᠭᠤᠯᠤᠭᠰᠠᠨ ᠵᠠᠮ ᠨᠡᠪᠲᠡᠷᠡᠭᠰᠡᠨ ᠨᠣᠷᠮ᠎ᠠ 100% ᠳᠤ ᠬᠦᠷᠴᠦ᠂ ᠠᠶᠠᠨᠴᠢᠳ ᠤᠨ ᠲᠡᠷᠭᠡ ᠨᠡᠪᠲᠡᠷᠡᠭᠰᠡᠨ | ᠨᠣᠷᠮ᠎ᠠ 100% ᠳᠤ ᠬᠦᠷᠴᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠬᠤ ᠨᠣᠷᠮ᠎ᠠ 100% ᠳᠤ | ᠬᠦᠷᠴᠡᠢ ᠃ | ᠬᠥᠳᠡᠭᠡ ᠲᠤᠰᠬᠤᠨ ᠤ ᠠᠷᠠᠳ ᠲᠤ ᠲᠥᠬᠦᠮ ᠦᠵᠡᠭᠦᠯᠬᠦ ᠵᠠᠮ ᠨᠢ ᠠᠷᠠᠳ ᠣᠯᠠᠨ ᠤ ᠶᠠᠪᠤᠵᠤ ᠰᠠᠭᠤᠬᠤ ᠳᠤ | ᠨᠠᠩ ᠲᠥᠬᠦᠮ ᠨᠦᠬᠦᠴᠡᠯ ᠬᠠᠩᠭᠠᠨ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠵᠢᠭᠤᠯᠴᠢᠯᠠᠯ ᠤᠨ ᠵᠠᠮ ᠨᠢ ᠳᠦᠷᠪᠡᠨ ᠵᠦᠭ ᠨᠠᠢᠮᠠᠨ ᠵᠣᠪᠬᠢᠰ ᠤᠨ ᠵᠤᠭᠠᠴᠠᠭᠰᠠᠳ ᠤᠨ ᠠᠩᠬᠠᠷᠤᠯ ᠢ ᠳᠠᠲᠠᠵᠤ ᠂ | ᠲᠠᠯ᠎ᠠ ᠨᠤᠲᠤᠭ ᠤᠨ ᠦᠵᠡᠰᠭᠦᠯᠡᠩᠲᠦ ᠰᠠᠶᠢᠬᠠᠨ ᠥᠩᠭᠡ ᠦᠵᠡᠮᠵᠢ ᠪᠠ ᠥᠪᠡᠷᠮᠢᠴᠡ ᠣᠨᠴᠠᠯᠢᠭ ᠪᠦᠬᠦᠢ | ᠠᠷᠠᠳ ᠤᠨ ᠵᠠᠩ ᠦᠢᠯᠡ ᠶᠢᠨ ᠰᠣᠶᠣᠯ ᠢ ᠳᠡᠯᠭᠡᠨ ᠬᠠᠷᠠᠭᠤᠯᠵᠤ᠂ ᠠᠵᠤ ᠦᠢᠯᠡᠰ ᠤᠨ ᠵᠠᠮ ᠨᠢ ᠠᠵᠤ ᠠᠬᠤᠢ ᠶᠢᠨ | ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦᠷ ᠪᠣᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ | ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠵᠠᠮ ᠨᠢ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠶᠢ | ᠬᠠᠷᠠᠭᠤᠯᠵᠤ᠂ ᠠᠮᠢ ᠠᠬᠤᠢ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ | ᠪᠣᠯᠣᠨ᠎ᠠ᠃ | | | | |