ᠪᠠᠷᠠᠭᠤᠨ ᠦᠵᠦᠮᠦᠴᠢᠨ ᠬᠤᠰᠢᠭᠤ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/11/21
      ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ         ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠤᠯᠤᠰ ᠤᠨ ︽ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠨᠧᠷᠭᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠭᠠᠷᠳᠠᠴᠠ ᠪᠣᠯᠭᠠᠨ᠂ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ︽ᠪᠣᠬᠢᠷᠲᠤᠯ ᠦᠭᠡᠢ ᠵᠢᠭᠦᠷ︾ ᠤᠷᠭᠤᠭᠤᠯᠤᠭᠰᠠᠨ ᠪᠠᠶᠢᠨ᠎ᠠ᠃     ᠪᠡᠭᠡᠵᠢᠩ ᠤᠨ ᠡᠨᠧᠷᠭᠢ ᠶᠢᠨ 20MW ᠶᠡᠭᠡ ᠴᠢᠳᠠᠯᠲᠤ ᠰᠠᠯᠬᠢᠨ ᠤᠰᠤᠲᠥ᠋ᠷᠥᠭᠴᠢ ᠶᠢ ᠬᠠᠳᠠᠭᠠᠯᠠᠬᠤ ᠰᠢᠰᠲ᠋ᠧᠮ ᠤᠨ ᠥᠨᠳᠥᠷ ᠪᠦᠲᠦᠮᠵᠢᠲᠡᠶ ᠬᠤᠷᠠᠮᠠᠯ ᠵᠢᠴᠢ ᠵᠠᠩᠭᠢᠯᠠᠭ᠎ᠠ ᠶᠢᠨ ᠮᠡᠷᠭᠡᠵᠢᠯ ᠢ ᠠᠮᠢᠳᠤᠯᠢᠭ ᠢᠶᠠᠷ ᠡᠵᠡᠮᠳᠡᠬᠦ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠥᠷᠥᠯ ᠵᠦᠢᠯ ︵ᠰᠠᠯᠬᠢᠨ ᠬᠦᠴᠦᠨ ᠤ ᠴᠠᠬᠢᠯᠭᠠᠨ ᠤ ᠬᠡᠰᠡᠭ︶ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ᠂ ᠡᠯ᠎ᠡ ᠵᠦᠢᠯ ᠤᠨ ᠪᠠᠷᠢᠯᠭ᠎ᠠ ᠶᠢᠨ ᠮᠠᠰᠢᠨ ᠲᠥᠬᠦᠭᠡᠷᠦᠮᠵᠢ ᠬᠠᠷᠢᠯᠴᠠᠨ ᠰᠦᠯᠵᠢᠯᠳᠦᠨ ᠬᠠᠮᠵᠢᠯᠴᠠᠵᠤ᠂ ᠣᠳᠣᠬᠠᠨ ᠳᠤ 3 ᠲᠠᠶᠢᠹᠧᠩ ᠰᠠᠯᠬᠢᠨ ᠤ ᠮᠠᠰᠢᠨ ᠤ ᠰᠠᠭᠤᠷᠢ ᠴᠢᠳᠬᠤᠬᠤ ᠠᠵᠢᠯ ᠪᠣᠯᠣᠨ ᠰᠠᠭᠤᠷᠢ ᠨᠦᠬᠡ ᠶᠢ ᠡᠭᠡᠭᠦᠯᠦᠨ ᠪᠥᠭᠯᠡᠬᠦ ᠠᠵᠢᠯ ᠪᠦᠬᠦᠨ ᠢᠶᠠᠷ ᠢᠶᠠᠨ ᠳᠠᠭᠤᠰᠴᠤ᠂ ᠶᠠᠭ ᠠᠳᠡᠯ ᠤᠨ ᠲᠤᠰᠤᠨ ᠲᠠᠲᠠᠭᠠᠯ ᠢ ᠦᠢᠯᠡᠳᠬᠦ ᠪᠠ ᠴᠠᠬᠢᠯᠭᠠᠨ ᠴᠤᠭᠯᠠᠭᠤᠯᠬᠤ ᠱᠤᠭᠤᠮ ᠤᠨ ᠴᠠᠬᠢᠯᠭᠠᠨ ᠳᠡᠭᠡᠰᠦᠨ ᠤ ᠭᠤᠤ ᠶᠢ ᠮᠠᠯᠲᠠᠵᠣ ᠲᠠᠯᠪᠢᠬᠤ ᠠᠵᠢᠯ ᠢ ᠬᠢᠵᠦ᠂ ᠡᠭᠦᠨ ᠤ ᠬᠠᠮᠲᠤ᠂ ᠦᠢᠯᠡᠳᠪᠦᠷᠢ ᠶᠢᠨ ᠳᠣᠲᠣᠷᠠᠬᠢ ᠨᠡᠭᠡᠭᠡᠯᠭᠡ ᠶᠢ ᠥᠭᠡᠷᠡᠴᠢᠯᠡᠬᠦ᠂ ᠠᠦ᠋ᠲ᠋ᠣᠴᠢᠯᠠᠭᠰᠠᠨ ᠲᠥᠬᠦᠭᠡᠷᠦᠮᠵᠢ ᠶᠢ ᠤᠭᠰᠠᠷᠠᠬᠤ ᠵᠡᠷᠭᠡ ᠠᠵᠢᠯ ᠴᠤ ᠡᠮᠬᠢ ᠵᠢᠷᠤᠮ ᠲᠠᠢ ᠶᠠᠪᠤᠭᠳᠠᠵᠤ  ᠪᠠᠶᠢᠯ᠎ᠠ᠃     ᠲᠤᠰ ᠲᠥᠷᠥᠯ ᠵᠦᠢᠯ ᠨᠢ  ᠵᠢᠷ ᠤᠨ ᠭᠤᠣᠯ ᠪᠠᠯᠭᠠᠰᠤᠨ ᠤ  ᠪᠠᠶᠠᠨᠴᠡᠩᠭᠡᠯ ᠭᠠᠴᠠᠭᠠᠨ ᠳᠤ ᠪᠠᠶᠢᠵᠤ᠂ ᠵᠢᠩ ᠨᠧᠩ ᡁᠢ ᠾᠦᠢ ︵ᠰᠢᠯᠢ ᠶᠢᠨ ᠭᠤᠣᠯ︶ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 9020 ᠲᠦᠮᠡᠨ ᠲᠥᠭᠦᠷᠢᠭ ᠪᠠᠶᠢᠵᠤ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ 3 ᠰᠠᠭᠤᠷᠢ 6.7 MW ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠪᠣᠯᠣᠨ᠎ᠠ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 20MW ᠪᠠᠶᠢᠵᠤ᠂ ᠵᠢᠯ ᠳᠤᠮᠳᠠᠴᠢ ᠶᠢᠨ ᠴᠠᠬᠢᠯᠭᠠᠨ ᠭᠠᠷᠭᠠᠬᠤ ᠬᠡᠮᠵᠢᠶ᠎ᠡ 6203 ᠲᠦᠮᠡᠨ ᠺᠢᠯᠣᠸᠠᠲ ᠲᠤ ᠬᠦᠷᠬᠦ ᠦᠶ᠎ᠡ ᠳᠤ᠂ ᠭᠠᠷᠭᠠᠭᠰᠠᠨ ᠴᠠᠬᠢᠯᠭᠠᠨ ᠬᠦᠴᠦᠨ ᠢ ᠪᠦᠬᠦᠨ ᠢᠶᠠᠷ ᠨᠢ ᠵᠢᠩ ᠨᠧᠩ ᠦ᠋ ᠵᠢᠶᠠᠨ ᠹᠠᠩ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠢ ᠣᠷᠣᠯᠠᠭᠤᠯᠬᠤ ᠳᠤ ᠬᠡᠷᠡᠭᠯᠡᠵᠤ᠂ ᠲᠤᠭ᠎ᠠ ᠪᠠᠷᠢᠮᠲᠠ ᠶᠢ ᠦᠨᠳᠦᠰᠦᠯᠡᠪᠡᠯ᠂ ᠲᠤᠰ ᠲᠦᠷᠦᠯ ᠵᠦᠢᠯ ᠨᠢ ᠵᠢᠯ ᠪᠦᠷᠢ ᠪᠠᠷᠢᠮᠵᠢᠶᠠᠲᠤ ᠨᠡᠭᠦᠷᠡᠰᠦᠨ ᠤ ᠬᠤᠷᠣᠭᠳᠠᠯ ᠤᠨ ᠬᠡᠮᠵᠢᠶ᠎ᠡ ᠶᠢ 1.87 ᠲᠦᠮᠡᠨ ᠲᠣᠨ ᠪᠠᠭᠠᠰᠬᠠᠵᠤ᠂ ᠠᠳᠠᠯᠢᠬᠠᠨ ᠴᠠᠬᠢᠯᠭᠠᠨ ᠭᠠᠷᠭᠠᠬᠤ ᠬᠡᠮᠵᠢᠶ᠎ᠡ ᠲᠠᠢ ᠢᠯᠴᠢ ᠶᠢᠨ ᠴᠠᠬᠢᠯᠭᠠᠨ ᠲᠠᠢ ᠬᠠᠷᠢᠴᠠᠭᠤᠯᠪᠠᠯ᠂ ᠵᠢᠯ ᠪᠦᠷᠢ ᠪᠠᠷᠤᠭ 1.36 ᠲᠣᠨ ᠤᠲᠤᠭ᠎ᠠ ᠲᠣᠭᠤᠰᠣ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠬᠦᠯᠡᠮᠵᠢ ᠶᠢᠨ ᠦᠢᠯᠡᠴᠢᠯᠡᠭᠡ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ 5.13 ᠲᠦᠮᠡᠨ ᠲᠣᠨ ᠪᠠᠭᠠᠰᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠢᠶᠠᠷ ᠮᠠᠰᠢ ᠮᠡᠳᠡᠭᠳᠡᠮ᠎ᠡ  ᠪᠠᠶᠢᠯ᠎ᠠ᠃      ᠣᠲᠣ ᠪᠣᠯᠲᠠᠯ᠎ᠠ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠨᠡᠶᠢᠲᠡ 4 ᠪᠠᠶᠢᠵᠤ᠂ 2023 ᠣᠨ ᠤ ᠪᠥᠬᠦ ᠵᠢᠯ ᠳᠤ ᠨᠡᠶᠢᠲᠡ 7 ᠳ᠋ᠦᠩᠰᠢᠭᠤᠷ ᠰᠢᠬᠠᠮ  ᠪᠣᠬᠢᠷᠳᠣᠯ ᠦᠭᠡᠢ ᠴᠠᠬᠢᠯᠭᠠᠨ ᠢ ᠭᠠᠳᠠᠭᠰᠢ ᠭᠠᠷᠭᠠᠪᠠ᠃      ᠬᠤᠶᠢᠰᠢᠳᠠ᠂ ᠪᠠᠷᠠᠭᠤᠨ ᠦᠵᠦᠮᠦᠴᠢᠨ ᠬᠤᠰᠢᠭᠤᠨ ᠤ ᠬᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠦᠷᠭᠦᠯᠵᠢᠯᠡᠨ ᠲᠦᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠬᠦ ᠪᠠ ᠬᠥᠭᠵᠢᠭᠦᠯᠬᠦ ᠲᠠᠯ᠎ᠠ ᠪᠠᠷ ᠰᠠᠶᠢᠲᠤᠷ ᠬᠦᠴᠦ ᠲᠠᠯᠪᠢᠨ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠢ ᠪᠣᠶ  ᠪᠣᠯᠭᠠᠬᠤ ᠪᠠᠷ ᠪᠣᠢ  ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号